ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠪᠡ

2016-10-24 / ᠬᠦᠬᠡᠬᠣᠲᠠ201610247327346
ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠢ ᠳᠡᠭᠡᠭᠰᠢᠯᠡᠭᠦᠯᠬᠦ ᠶᠢᠨ ᠲᠥᠯᠥᠭᠡ ᠂ ᠥᠴᠢᠭᠡᠳᠦᠷ ᠂ ᠰᠠᠶᠢᠬᠠᠨ ᠲᠣᠭᠣᠷᠢᠭ ᠤᠨ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ︽ ᠡᠭᠡᠯᠵᠢ ᠪᠡᠷ ᠵᠢᠵᠢᠭᠦᠷᠯᠡᠵᠦ ᠂ ᠡᠭᠡᠯᠵᠢ ᠪᠡᠷ ᠪᠣᠯᠪᠠᠰᠤᠷᠠᠬᠤ ᠂ ᠪᠠᠶᠢᠯᠳᠤᠬᠤ ᠪᠣᠯᠪᠠᠰᠤᠷᠠᠬᠤ ᠶᠢ ᠬᠠᠮᠲᠤᠷᠠᠭᠰᠠᠨ ︾ ᠰᠣᠷᠢᠯᠲᠠ  ᠶᠢᠨ ᠬᠡᠯᠪᠡᠷᠢ ᠶᠢ ᠬᠡᠷᠡᠭᠵᠢᠭᠦᠯᠪᠡ ᠃ ᠰᠣᠷᠢᠯᠲᠠ ᠳᠤ ᠭᠣᠣᠯ ᠣᠷᠣᠯᠴᠠᠭᠰᠠᠨ  ᠨᠢ ᠨᠢᠭᠡᠳᠦᠭᠡᠷ ᠹᠠᠷᠤᠨᠲ  ᠤᠨ ᠠᠷᠠᠳ  ᠤᠨ ᠴᠠᠭᠳᠠᠭ᠎ᠠ ᠪᠣᠯᠣᠨ᠎ᠠ ᠃ ᠰᠣᠷᠢᠯᠲᠠ ᠨᠢ ᠪᠠᠶᠢᠴᠠᠭᠠᠬᠤ ᠂ ᠪᠠᠷᠢᠪᠴᠢᠯᠠᠬᠤ ᠂ ᠡᠵᠡᠮᠳᠡᠬᠦ ᠂ ᠨᠡᠩᠵᠢᠬᠦ ᠂ ᠬᠣᠭᠣᠰᠣᠨ ᠭᠠᠷ ᠢᠶᠠᠷ ᠳᠠᠭᠠᠷᠢᠬᠤ ᠬᠠᠮᠠᠭᠠᠯᠠᠬᠤ ᠂ ᠵᠡᠷ ᠵᠡᠪᠰᠡᠭ ᠬᠡᠷᠡᠭᠯᠡᠬᠦ ᠪᠠ ᠪᠠᠴᠢᠮ ᠪᠠᠶᠢᠳᠠᠯ ᠢ ᠠᠷᠭᠠᠴᠠᠬᠤ ᠵᠡᠷᠭᠡ  ᠶᠢ ᠪᠠᠭᠲᠠᠭᠠᠨ᠎ᠠ ᠃