ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠪᠠ

2016-10-31 / ᠬᠦᠬᠡᠬᠣᠲᠠ


10 ᠰᠠᠷ᠎ᠠ ᠶᠢᠨ 28 ᠤ ᠡᠳᠤᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠥ᠂ ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠤᠯᠠᠮ ᠴᠢᠨᠠᠭᠰᠢᠳᠠ ᠠᠬᠢᠭᠤᠯᠬᠤ ᠲᠤᠬᠠᠢ ᠪᠠᠶᠢᠷᠢᠯᠠᠭᠤᠯᠪᠠ᠃ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠤᠯ ᠮᠠᠨ ᠤ ᠨᠠᠮ ᠤᠨ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠵᠥ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠠᠬᠢᠭᠤᠯᠬᠤ ᠶᠠᠪᠤᠴᠠ ᠳᠤ ᠬᠤᠷᠠᠯᠳᠤᠭᠰᠠᠠ ᠨᠢᠬᠡ ᠤᠳᠠᠭ᠎ᠠ ᠶᠢᠨ ᠮᠠᠰᠢ ᠴᠢᠬᠤᠯᠠ ᠬᠤᠷᠠᠯ ᠪᠤᠯᠤᠨ᠎ᠠ᠃ ᠪᠦᠬᠦᠳᠡ ᠬᠤᠷᠠᠯ ᠠᠴᠠ ᠬᠢᠨᠠᠨ ᠵᠦᠪᠯᠡᠵᠥ ᠪᠠᠳᠤᠯᠠᠭᠰᠠᠠ ︽ᠰᠢᠨ᠎ᠡ ᠪᠠᠶᠢᠳᠠᠯ ᠲᠤᠤᠷᠠᠬᠢ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ︾ ᠪᠤᠯᠤᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠬᠤ ᠲᠦᠷᠢᠮ︾ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠨ᠎ᠡ ᠨᠡᠩ ᠦᠨᠳᠤᠷ ᠱᠠᠭᠠᠷᠳᠠᠯᠭ᠎ᠠ ᠲᠤᠷᠠᠳᠴᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠡ ᠶᠢᠨ ᠬᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠬᠦᠷᠬᠡ ᠪᠤᠯᠭᠠᠵᠥ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠯᠠᠭᠤᠯᠤᠯᠳᠠ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ︽ᠪᠠᠷᠢᠮᠵᠢᠶ᠎ᠠ︾ ᠪᠤᠯᠤᠨ ︽ᠲᠦᠷᠢᠮ︾ ᠤᠨ ᠲᠤᠭᠳᠠᠭᠠᠯ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠳᠠᠭᠠᠨ ᠲᠤᠤᠱᠯᠠᠭᠤᠯᠬᠤ ᠬᠡᠷᠡᠭᠳᠡᠢ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠵᠥ᠂ ᠨᠠᠮ ᠤᠨ ᠲᠦᠷᠢᠮ ᠢᠶᠠᠷ ᠦᠨᠳᠦᠰᠦᠨ ᠵᠢᠷᠤᠮᠯᠠᠯ ᠪᠤᠯᠭᠠᠵᠥ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠡᠯ᠎ᠡ ᠵᠦᠢᠯ ᠤᠨ ᠲᠦᠷᠢᠮ ᠢ ᠪᠠᠷᠢᠮᠳᠠᠯᠠᠵᠥ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠳᠤ ᠴᠢᠨᠠᠷ᠂ ᠲᠠᠶᠢᠴᠢᠨ ᠴᠢᠨᠠᠷ ᠢ ᠲᠡᠭᠡᠭᠰᠢᠯᠡᠬᠦᠯᠬᠦ ᠬᠡᠷᠡᠭᠳᠡᠢ᠃ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠳᠠ ᠲᠠᠯᠪᠢᠬᠤ ᠲᠤᠭᠳᠠᠴᠠ ᠶᠢ ᠲᠡᠬᠦᠯᠳᠡᠷᠵᠢᠬᠦᠯᠵᠥ᠂ ᠢᠯᠵᠢᠷᠠᠯ ᠢ ᠡᠰᠡᠷᠬᠦᠴᠡᠵᠤ ᠴᠢᠨᠠᠷ ᠬᠤᠪᠢᠷᠠᠬᠤ ᠶᠢ ᠰᠡᠷᠬᠡᠶᠢᠯᠡᠬᠦ ᠪᠠ ᠠᠶᠤᠯ ᠲᠦᠭᠰᠢᠬᠦᠷᠢ ᠶᠢ ᠡᠰᠡᠷᠬᠦᠴᠡᠬᠦ ᠴᠢᠳᠠᠪᠤᠷᠢ ᠪᠠᠨ ᠲᠡᠭᠡᠭᠰᠢᠯᠡᠬᠦᠯᠵᠥ᠂ ᠪᠠᠳᠤ ᠢᠳᠡᠭᠡᠯ ᠪᠢᠰᠢᠷᠡᠯ ᠲᠠᠢ᠂ ᠰᠠᠬᠢᠯᠭ᠎ᠠ ᠪᠠᠳᠤ ᠴᠢᠩᠭ᠎ᠠ᠂ ᠠᠷᠢᠭᠤᠨ ᠴᠢᠬᠡᠴᠢ ᠠᠯᠪᠠᠳᠠᠨ ᠤ ᠡᠩᠨᠡᠭᠡ ᠶᠢ ᠬᠦᠮᠥᠵᠢᠬᠦᠯᠬᠦ ᠬᠡᠷᠡᠭᠳᠡᠢ᠃ ᠠᠷᠠᠳᠴᠢᠯᠠᠯ ᠲᠦᠪᠯᠡᠷᠡᠯ ᠤᠨ ᠶᠤᠰᠤ ᠶᠢ ᠪᠠᠷᠢᠮᠳᠠᠯᠵᠥ᠂ ᠠᠷᠠᠳᠴᠢᠯᠠᠯ ᠢ ᠪᠠᠳᠠᠷᠠᠭᠤᠯᠵᠥ᠂ ᠴᠢᠳᠠᠮᠠᠭᠠᠢ ᠪᠠᠷ ᠲᠦᠪᠯᠡᠷᠡᠬᠦᠯᠵᠥ᠂ ᠵᠤᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠵᠥ᠂ ᠡᠯ᠎ᠡ ᠲᠠᠯ᠎ᠠ ᠶᠢᠨ ᠤᠶᠤᠨ ᠤᠬᠠᠭᠠᠨ ᠪᠤᠯᠤᠨ ᠬᠠᠮᠳᠤ ᠶᠢᠨ ᠲᠠᠨᠢᠯᠳᠡ ᠶᠢ ᠬᠠᠮᠤᠭ ᠤᠨ ᠶᠡᠬᠡᠪᠡᠷ ᠨᠢᠭᠳᠠᠷᠠᠭᠤᠯᠵᠥ᠂ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ ᠪᠠᠶᠢᠭᠠᠳ ᠪᠡᠷᠬᠡ ᠶᠢ ᠲᠠᠪᠠᠨ ᠬᠦᠴᠢᠷ ᠢ ᠲᠤᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃