ᠡᠨᠡ ᠵᠢᠯ ᠤᠨ ᠡᠷᠳᠡᠨᠢ ᠰᠢᠰᠢ ᠶᠢ ᠬᠤᠳᠠᠯᠳᠤᠨ ᠠᠪᠬᠤ ᠦᠨ᠎ᠠ ᠬᠠᠩᠰᠢ ᠲᠤᠭᠳᠠᠭᠠᠭᠳᠠᠪᠠ

2016-11-06 / ᠬᠠᠪᠤᠷ


ᠳᠤᠮᠳᠠᠳᠤ ᠤᠯᠤᠰ ᠤᠨ ᠠᠮᠤ ᠪᠤᠳᠠᠭᠠᠨ ᠤ ᠬᠠᠳᠠᠭᠠᠯᠠᠮᠵᠢ ᠶᠢᠨ ᠬᠠᠮᠢᠶᠠᠷᠤᠯᠳᠠ ᠶᠢᠨ ᠶᠡᠷᠦᠩᠭᠡᠢ ᠺᠤᠮᠫᠠᠨᠢ ᠠᠴᠠ ᠡᠨᠡ ᠵᠢᠯ ᠤᠨ ᠡᠷᠳᠡᠨᠢ ᠰᠢᠰᠢ ᠶᠢᠨ ᠦᠨ᠎ᠠ ᠬᠠᠩᠰᠢ ᠶᠢᠨ ᠪᠠᠷᠢᠮᠵᠢᠶ᠎ᠠ ᠶᠢ ᠳᠤᠭᠳᠠᠭᠠᠪᠠ᠄ ᠬᠠᠮᠤᠭ ᠳᠤᠤᠷ᠎ᠠ ᠦᠨ᠎ᠠ ᠬᠠᠩᠰᠢ ᠨᠢ ᠵᠢᠩ ᠪᠦᠷᠢ ᠳᠡᠭᠡᠨ 0.65 ᠲᠦᠭᠦᠷᠢᠭ᠂ ᠬᠠᠮᠤᠭ ᠦᠨᠳᠦᠷ ᠨᠢ 0.71 ᠲᠦᠭᠦᠷᠢᠭ᠃
ᠳᠤᠮᠳᠠᠳᠤ ᠤᠯᠤᠰ ᠤᠨ ᠠᠮᠤ ᠪᠤᠳᠠᠭᠠᠨ ᠤ ᠬᠠᠳᠠᠭᠠᠯᠠᠮᠵᠢ ᠶᠢᠨ ᠬᠠᠮᠢᠶᠠᠷᠤᠯᠳᠠ ᠶᠢᠨ ᠶᠡᠷᠦᠩᠭᠡᠢ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠠᠴᠠ ᠡᠯ᠎ᠠ ᠰᠢᠭᠤᠳ ᠬᠠᠷᠢᠶᠠᠳᠤ ᠠᠮᠤ ᠪᠤᠳᠠᠭᠠᠨ ᠤ ᠬᠦᠮᠦᠷᠭᠡ ᠳᠤ ᠪᠠᠭᠤᠯᠭᠠᠭᠰᠠᠨ ︽ 2016 ᠤᠨ ᠤ ᠨᠠᠮᠤᠷ ᠤᠨ ᠤᠯᠠᠷᠢᠯ ᠤᠨ ᠡᠷᠳᠡᠨᠢ ᠰᠢᠰᠢ ᠬᠤᠳᠠᠯᠳᠤᠨ ᠠᠪᠬᠤ ᠠᠵᠢᠯ ᠢ ᠡᠬᠢᠯᠡᠭᠦᠯᠬᠦ ᠳᠤᠬᠠᠢ ᠮᠡᠳᠡᠭᠳᠡᠯ︾  ᠤᠨ ᠱᠠᠭᠠᠷᠳᠠᠯᠭ᠎ᠠ ᠶᠢ ᠦᠨᠳᠦᠰᠦᠯᠡᠪᠡᠯ᠂ ᠡᠯ᠎ᠠ ᠰᠢᠭᠤᠳ ᠬᠠᠷᠢᠶᠠᠳᠤ ᠠᠮᠤ ᠪᠤᠳᠠᠭᠠᠨ ᠤ ᠬᠦᠮᠦᠷᠭᠡ ᠦᠪᠡᠷ ᠤᠨ ᠬᠠᠷᠢᠶ᠎ᠠ ᠳᠤᠭᠤᠷᠢᠭ ᠤᠨ ᠳᠤᠮᠤ ᠴᠡᠭᠡᠨ ᠬᠦᠰᠢᠭᠡ ᠪᠤᠶᠤ ᠮᠡᠳᠡᠭᠳᠡᠯ ᠵᠠᠷᠯᠠᠬᠤ ᠰᠠᠮᠪᠠᠷ᠎ᠠ ᠡᠰᠡᠭᠦᠯ᠎ᠠ ᠪᠤᠰᠤᠳ ᠢᠯᠡ ᠳᠤᠳᠤ ᠤᠷᠤᠨ ᠪᠠᠶᠢᠷᠢ ᠳᠤ ᠡᠷᠳᠡᠨᠢ ᠰᠢᠰᠢ ᠬᠤᠳᠠᠯᠳᠤᠨ ᠠᠪᠬᠤ ᠵᠠᠷᠯᠠᠯ ᠨᠡᠶᠢᠳᠡᠯᠡᠭᠦ ᠶᠢᠨ ᠬᠠᠮᠳᠤ 2016 ᠤᠨ ᠤ ᠰᠢᠨ᠎ᠠ ᠬᠤᠷᠢᠶᠠᠬᠰᠠᠨ ᠡᠷᠳᠡᠨᠢ ᠰᠢᠰᠢ ᠶᠢ ᠡᠬᠢᠯᠡᠨ ᠬᠤᠳᠠᠯᠳᠤᠨ ᠠᠪᠬᠤ ᠳᠠᠭᠠᠨ ᠬᠤᠳᠠᠯᠳᠤᠨ ᠠᠪᠬᠤ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠶᠢᠨ ᠳᠤᠮᠳᠠ ᠳᠡᠰ ᠠᠴᠠ ᠳᠡᠭᠡᠭᠰᠢᠬᠢ ᠪᠠᠶᠢᠯᠭᠠᠬᠤ ᠬᠡᠷᠡᠭᠳᠠᠢ ᠭᠡᠵᠡᠢ᠃
ᠦᠨ᠎ᠠ ᠬᠠᠩᠰᠢ ᠶᠢᠨ ᠳᠠᠯ᠎ᠠ ᠪᠠᠷ᠂ ᠬᠦᠯᠦᠨ ᠪᠤᠶᠢᠷ ᠬᠤᠳᠠ ᠶᠢᠨ ᠬᠢᠨ ᠤ ᠡᠷᠳᠡᠨᠢ ᠰᠢᠰᠢ ᠬᠤᠳᠠᠯᠳᠤᠨ ᠠᠪᠬᠤ ᠦᠨ᠎ᠠ ᠬᠠᠩᠰᠢ ᠵᠢᠩ ᠪᠦᠷᠢ ᠳᠡᠭᠡᠨ 0.65 ᠲᠦᠭᠦᠷᠢᠭ᠂ ᠬᠢᠩᠭᠠᠨ ᠠᠶᠢᠮᠠᠭ ᠵᠢᠩ ᠪᠦᠷᠢ ᠳᠡᠭᠡᠨ 0.68 ᠲᠦᠭᠦᠷᠢᠭ᠂ ᠲᠦᠩᠯᠢᠶᠤᠤ ᠤᠯᠠᠭᠠᠨᠬᠠᠳᠠ ᠬᠤᠳᠠ ᠤᠷᠤᠨ ᠤ ᠬᠢᠨ ᠵᠢᠩ ᠪᠦᠷᠢ ᠳᠡᠭᠡᠨ 0.70 ᠲᠦᠭᠦᠷᠢᠭ᠂ ᠰᠢᠯᠢ ᠶᠢᠨ ᠭᠤᠤᠯ ᠠᠶᠢᠮᠠᠭ ᠵᠢᠴᠢ ᠰᠢᠯᠢ ᠶᠢᠨ ᠭᠤᠤᠯ ᠠᠴᠠ ᠪᠠᠷᠠᠭᠤᠨᠰᠢᠬᠢ ᠭᠠᠵᠠᠷ ᠤᠷᠤᠨ ᠤ ᠬᠢᠨ ᠵᠢᠩ ᠪᠦᠷᠢ ᠳᠡᠭᠡᠨ 0.71 ᠲᠦᠭᠦᠷᠢᠭ ᠲᠤ ᠬᠦᠷᠤᠨ᠎ᠠ᠃
ᠡᠨᠡᠭᠦ ᠦᠨ᠎ᠠ ᠬᠠᠩᠰᠢ ᠨᠢ ᠡᠮᠤᠨᠡᠬᠢ ᠬᠤᠭᠤᠴᠠᠭᠠᠨ ᠤ ᠵᠠᠬ᠎ᠠ ᠳᠡᠯᠭᠡᠭᠦᠷ ᠤᠨ ᠵᠢᠱᠢᠯᠳᠡ ᠲᠠᠢ ᠦᠨᠳᠦᠰᠦᠨ ᠳᠡᠭᠡᠨ ᠳᠤᠬᠢᠷᠠᠯᠴᠠᠵᠤ ᠪᠠᠶᠢᠳᠠᠭ᠃ ᠤᠴᠢᠷ ᠨᠢ 10 ᠰᠠᠷ᠎ᠠ ᠶᠢᠨ 19 ᠤ ᠡᠳᠦᠷ ᠲᠤ ᠵᠠᠬ᠎ᠠ ᠳᠡᠯᠭᠡᠭᠦᠷ ᠲᠤ ᠨᠡᠶᠢᠳᠡᠯᠡᠭᠰᠡᠨ ᠳᠤᠮᠳᠠᠳᠤ ᠤᠯᠤᠰ ᠤᠨ ᠨᠦᠭᠡᠴᠡᠯᠡᠯᠳᠡ ᠶᠢᠨ ᠠᠮᠤ ᠪᠤᠳᠠᠭ᠎ᠠ ᠶᠢᠨ ᠬᠠᠮᠢᠶᠠᠷᠤᠯᠳᠠ ᠶᠢᠨ ᠶᠡᠷᠦᠩᠭᠡᠢ ᠺᠤᠮᠫᠠᠨᠢ ᠶᠢᠨ ᠵᠠᠳᠠᠷᠠᠭᠤᠯᠤᠭᠰᠠᠨ ᠡᠷᠳᠡᠨᠢ ᠰᠢᠰᠢ ᠬᠤᠳᠠᠯᠳᠤᠨ ᠠᠪᠬᠤ ᠦᠨ᠎ᠠ ᠬᠠᠩᠰᠢ ᠳᠤᠨ ᠪᠦᠷᠢ ᠳᠡᠭᠡᠨ 1400 ᠲᠦᠭᠦᠷᠢᠭ ᠲᠤ ᠬᠦᠷᠴᠦ ᠪᠤᠢ᠃ ᠳᠤᠮᠳᠠᠳᠤ ᠤᠯᠤᠰ ᠤᠨ ᠠᠮᠤ ᠪᠤᠳᠠᠭᠠᠨ ᠤ ᠬᠠᠳᠠᠭᠠᠯᠠᠮᠵᠢ ᠶᠢᠨ ᠬᠠᠮᠢᠶᠠᠷᠤᠯᠳᠠ ᠶᠢᠨ ᠶᠡᠷᠦᠩᠭᠡᠢ ᠺᠤᠮᠫᠠᠨᠢ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠶᠢᠨ ᠳᠠᠨᠢᠯᠴᠠᠭᠤᠯᠤᠭᠰᠠᠨ ᠢ ᠦᠨᠳᠦᠰᠦᠯᠡᠪᠡᠯ᠂ 2015 ᠤᠨ ᠳᠤ ᠮᠠᠨ ᠤ ᠤᠷᠤᠨ ᠤᠯᠤᠰ ᠤᠨ ᠲᠦᠷ ᠴᠠᠭ ᠨᠦᠭᠡᠴᠡᠯᠡᠭᠦ ᠡᠷᠳᠡᠨᠢ ᠰᠢᠰᠢ ᠶᠢ 2186 ᠲᠦᠮᠡᠨ ᠳᠤᠨ ᠬᠤᠳᠠᠯᠳᠤᠨ ᠠᠪᠴᠦ ᠨᠦᠭᠡᠴᠡᠯᠡᠭᠰᠡᠨ ᠪᠠᠶᠢᠨ᠎ᠠ᠃

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ