ᠮᠠᠨ ᠤ ᠤᠷᠤᠨ ᠴᠦᠯᠯᠡᠷᠬᠡᠭᠵᠢᠵᠤ ᠲᠠᠴᠢᠷᠳᠠᠭᠰᠠᠨ ᠪᠡᠯᠴᠢᠬᠡᠷ ᠢ ᠵᠠᠰᠠᠬᠤ ᠮᠡᠷᠬᠡᠵᠢᠯ ᠪᠤᠯᠤᠨ ᠵᠢᠱᠢᠶ᠎ᠡ ᠦᠵᠡᠬᠦᠯᠬᠦ ᠲᠦᠷᠦᠯ ᠵᠦᠢᠯ ᠢ ᠬᠡᠷᠡᠭᠵᠢᠬᠦᠯᠵᠤ ᠡᠬᠢᠯᠡᠪᠡ

2016-11-18 / ᠬᠦᠬᠡᠬᠣᠲᠠ


ᠤᠢᠢᠷ᠎ᠡ ᠶᠢᠨ ᠡᠳᠤᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠠᠭᠠᠭᠠᠴᠢᠯᠠᠨ ᠬᠢᠭᠰᠡᠨ ᠤᠯᠤᠰ ᠤᠨ ᠭᠤᠤᠯᠳᠠᠯᠭ᠎ᠠ ᠲᠠᠢ ᠰᠤᠳᠤᠯᠭᠠᠨ ᠤ ᠲᠦᠯᠦᠪᠯᠡᠭᠡ ︽ᠴᠦᠯᠯᠡᠷᠬᠡᠭᠵᠢᠵᠤ ᠲᠠᠴᠢᠷᠳᠠᠭᠰᠠᠨ ᠪᠡᠯᠴᠢᠬᠡᠷ ᠢ ᠵᠠᠰᠠᠬᠤ ᠮᠡᠷᠬᠡᠵᠢᠯ ᠪᠤᠯᠤᠨ ᠵᠢᠱᠢᠶ᠎ᠡ ᠦᠵᠡᠬᠦᠯᠬᠦ︾ ᠲᠦᠷᠦᠯ ᠵᠦᠢᠯ ᠢ ᠬᠡᠷᠡᠭᠵᠢᠬᠦᠯᠬᠦ ᠨᠡᠬᠡᠬᠡᠯᠳᠡ ᠶᠢᠨ ᠶᠤᠰᠤᠯᠠᠯ ᠬᠦᠬᠡᠬᠤᠳᠡ ᠳᠤ ᠪᠤᠯᠪᠡ᠃

ᠲᠤᠰ ᠲᠦᠷᠦᠯ ᠵᠦᠢᠯ ᠨᠢ ᠨᠤᠳᠤᠭ ᠪᠡᠯᠴᠢᠬᠡᠷ ᠤᠨ ᠴᠦᠯᠯᠡᠷᠬᠡᠭᠵᠢᠯ ᠲᠠᠴᠢᠷᠳᠠᠯ ᠤᠨ ᠰᠢᠯᠳᠠᠭᠠᠨ ᠢ ᠡᠷᠢᠬᠦ᠂ ᠦᠨᠡᠯᠡᠨ ᠲᠤᠭᠳᠠᠭᠠᠬᠤ᠂ ᠦᠳᠳᠡᠷ ᠲᠦᠷᠬᠡᠨ ᠵᠠᠰᠠᠨ ᠰᠡᠷᠬᠦᠬᠡᠬᠦ᠂ ᠦᠷᠬᠦᠯᠵᠢᠯᠡᠨ ᠠᠰᠢᠭᠯᠠᠵᠤ ᠪᠤᠯᠬᠤᠢᠢᠴᠡ ᠦᠨᠳᠦᠷ ᠦᠷ᠎ᠡ ᠠᠰᠢᠭ ᠲᠠᠢ ᠮᠡᠷᠬᠡᠵᠢᠯ ᠢ ᠡᠬᠦᠳᠬᠦ ᠵᠡᠷᠬᠡ ᠲᠠᠯ᠎ᠡ ᠪᠠᠷ ᠰᠢᠪᠳᠤᠯᠤᠯᠳᠡ ᠭᠠᠷᠭᠠᠨ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ᠂ ᠨᠤᠳᠤᠭ ᠪᠡᠯᠴᠢᠬᠡᠷ ᠢ ᠦᠷ᠎ᠡ ᠪᠦᠳᠦᠮᠵᠢᠳᠡᠢ ᠪᠠᠷ ᠠᠰᠢᠬᠠᠯᠬᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠶᠢ ᠪᠠᠳᠤᠯᠠᠬᠤ᠂ ᠠᠮᠢ ᠠᠬᠤᠢ ᠠᠵᠤ ᠠᠬᠤᠢ ᠶᠢᠨ ᠬᠤᠤᠰ ᠠᠰᠢᠭ ᠢ ᠡᠬᠦᠳᠬᠦ᠂ ᠠᠵᠤ ᠦᠢᠯᠡᠰ ᠤᠨ ᠪᠦᠳᠦᠴᠡ ᠶᠢ ᠲᠤᠬᠢᠷᠠᠭᠤᠯᠬᠤ᠂ ᠦᠢᠯᠡᠳᠪᠤᠷᠢᠯᠡᠯ ᠤᠨ ᠨᠤᠷᠮ᠎ᠡ ᠶᠢ ᠲᠡᠬᠡᠭᠰᠢᠯᠡᠬᠦᠯᠬᠦ᠂ ᠠᠮᠢ ᠠᠬᠤᠢ ᠪᠠᠷ ᠠᠷᠠᠳ ᠢ ᠪᠠᠶᠠᠵᠢᠭᠤᠯᠬᠤ ᠵᠡᠷᠬᠡ ᠲᠠᠯ᠎ᠡ ᠳᠤ ᠰᠤᠳᠤᠯᠭᠠᠨ ᠬᠢᠵᠤ᠂ ᠬᠤᠯᠪᠤᠭᠳᠠᠯ ᠪᠦᠬᠦᠢ ᠵᠤᠬᠢᠰᠳᠠᠢ ᠲᠦᠷᠦ ᠶᠢᠨ ᠪᠤᠳᠤᠯᠭ᠎ᠠ ᠲᠤᠭᠳᠠᠭᠠᠬᠤ ᠳᠤ ᠦᠨᠳᠦᠰᠦᠯᠡᠯ ᠬᠠᠩᠭᠠᠬᠤ ᠪᠤᠯᠤᠨ᠎ᠡ᠃

ᠤᠢᠢᠯᠠᠭᠠᠭᠰᠠᠨ ᠢᠶᠠᠷ᠂ ᠡᠨᠡᠬᠦ ᠲᠦᠷᠦᠯ ᠵᠦᠢᠯ ᠨᠢ ᠰᠢᠨᠵᠢᠯᠡᠬᠦ ᠤᠬᠠᠭᠠᠨ ᠮᠡᠷᠬᠡᠵᠢᠯ ᠤᠨ ᠶᠠᠮᠤᠨ ᠤ ᠨᠢᠬᠡᠳᠤᠬᠡᠷ ᠪᠦᠯᠦᠭ ᠬᠡᠷᠡᠭᠵᠢᠬᠦᠯᠦᠭᠰᠡᠨ ᠭᠤᠤᠯᠳᠠᠯᠭ᠎ᠠ ᠲᠠᠢ ᠰᠤᠳᠤᠯᠭᠠᠨ ᠤ ᠲᠦᠯᠦᠪᠯᠡᠭᠡ ᠤᠨ ᠲᠦᠷᠦᠯ ᠵᠦᠢᠯ ᠪᠠᠶᠢᠵᠤ᠂ ᠨᠡᠶᠢᠳᠡ 3700 ᠲᠦᠮᠡᠨ ᠲᠦᠬᠦᠷᠢᠭ ᠪᠡᠯᠡ ᠤᠷᠤᠭᠤᠯᠵᠤ᠂ ᠡᠬᠦᠨ ᠳᠤ ᠤᠯᠤᠰ ᠠᠴᠠ 3200 ᠲᠦᠮᠡᠨ ᠲᠦᠬᠦᠷᠢᠭ ᠤᠨ ᠪᠡᠯᠡ ᠮᠦᠩᠬᠦ ᠪᠠᠭᠤᠯᠭᠠᠪᠠ᠃ ᠲᠤᠰ ᠲᠦᠷᠦᠯ ᠵᠦᠢᠯ ᠳᠠᠬᠢ 8 ᠰᠤᠳᠤᠯᠭᠠᠨ ᠤ ᠰᠡᠳᠤᠪ ᠢ ᠤᠷᠤᠨ ᠤ ᠲᠤᠳᠤᠨ᠎ᠡ ᠭᠠᠳᠠᠨᠠᠬᠢ 20 ᠭᠠᠷᠤᠢ ᠶᠡᠭᠡ ᠲᠡᠬᠡᠳᠤ ᠰᠤᠷᠭᠠᠭᠤᠯᠢ ᠪᠤᠯᠤᠨ ᠰᠤᠳᠤᠯᠭᠠᠨ ᠤ ᠬᠦᠷᠢᠶᠡᠯᠡᠩ᠂ ᠠᠵᠤ ᠠᠬᠤᠢᠢᠯᠠᠯ ᠬᠠᠷᠢᠭᠤᠴᠠᠨ ᠬᠦᠢᠴᠡᠳᠬᠡᠨ᠎ᠡ᠃