ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠢᠷᠢ ᠬᠡᠮ ᠬᠦᠴᠦᠨ ᠲᠠᠢ

2016-11-23 / ᠬᠦᠬᠡᠬᠣᠲᠠ


11 ᠰᠠᠷ᠎ᠠ ᠶᠢᠨ 21 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠠᠷᠪᠠᠳᠤᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠬᠤᠷᠠᠯ ᠬᠢᠪᠠ᠃ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠡᠷᠬᠢᠯᠡᠭᠴᠢ ᠽᠸᠡᠭ ᠢ ᠴᠦᠨ ᠬᠤᠷᠠᠯ ᠡᠷᠬᠢᠯᠡᠵᠠᠢ᠃ ᠬᠤᠷᠠᠯ ᠠᠴᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠤᠩᠭᠤᠬᠤ ᠠᠵᠢᠯ ᠪᠠ ᠲᠦᠯᠦᠭᠡᠯᠡᠭᠴᠢᠳ ᠤᠨ ᠭᠢᠷᠢ ᠬᠡᠮ ᠢ ᠠᠩᠬ᠎ᠠ ᠠᠯᠬᠤᠮ ᠬᠢᠨᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠵᠦ᠂ ︽ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠮᠡᠳᠡᠭᠦᠯᠦᠯᠳᠡ ︵ᠲᠦᠰᠦᠯ︶︾ ᠶᠢ ᠶᠠᠷᠢᠯᠴᠠᠨ ᠪᠠᠳᠤᠯᠠᠭᠰᠠᠨ ᠪᠦᠭᠡᠳ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠦᠨ ᠬᠢᠨᠠᠨ ᠵᠦᠪᠯᠡᠭᠦᠯᠬᠦ ᠪᠠᠷ ᠲᠤᠭᠳᠠᠪᠠ᠃ ᠮᠡᠳᠡᠭᠦᠯᠦᠯᠳᠡ ᠳᠤ ᠵᠢᠭᠠᠵᠦ ᠭᠠᠷᠭᠠᠭᠰᠠᠨ ᠨᠢ᠂ ︽ᠦᠪᠡᠷᠳᠡᠭᠡᠨ ᠵᠠᠰᠬᠠᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠰᠤᠩᠭᠤᠬᠤ ᠠᠵᠢᠯ ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠡᠳᠡᠭᠳᠡᠯ︾ ᠤᠨ ᠵᠤᠷᠢᠭ ᠰᠠᠨᠠᠭ᠎ᠠ ᠶᠣᠰᠣᠭᠠᠷ᠂ ᠪᠦᠭᠦ ᠤᠷᠤᠨ ᠤ ᠡᠯ᠎ᠠ ᠠᠶᠢᠮᠠᠬ ᠬᠤᠳᠠ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠶᠡᠭᠡ ᠲᠡᠭᠡᠳᠤ ᠰᠤᠷᠭᠠᠭᠤᠯᠢ ᠶᠢᠨ ᠨᠠᠮ ᠤᠨ ᠠᠵᠢᠯ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠦᠪᠯᠡᠯ ᠤᠨ ᠨᠠᠮ ᠤᠨ ᠬᠤᠷᠢᠶ᠎ᠠ᠂ ᠦᠪᠤᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠳᠤ ᠴᠠᠭᠳᠠᠭ᠎ᠠ ᠶᠢᠨ ᠦᠪᠤᠷ ᠮᠤᠩᠭᠤᠯ ᠤᠨ ᠶᠡᠷᠦᠩᠭᠡᠢ ᠠᠩᠭᠢ᠂ ᠬᠦᠬᠡᠬᠤᠳᠠ ᠶᠢᠨ ᠲᠡᠮᠤᠷ ᠵᠠᠮ ᠤᠨ ᠲᠤᠪᠴᠢᠶ᠎ᠠ ᠳᠤ ᠨᠡᠶᠢᠳᠡ 18 ᠰᠤᠩᠭᠤᠭᠤᠯᠢ ᠶᠢᠨ ᠲᠤᠭᠤᠷᠢᠭ ᠲᠤᠭᠳᠠᠭᠠᠵᠦ᠂ 39 ᠰᠤᠩᠭᠤᠭᠤᠯᠢ ᠶᠢᠨ ᠨᠢᠭᠡᠴᠡ ᠬᠤᠪᠢᠶᠠᠪᠠ᠂ ᠡᠳᠡᠭᠡᠷ ᠰᠤᠩᠭᠤᠭᠤᠯᠢ ᠶᠢᠨ ᠨᠢᠭᠡᠴᠡ ᠲᠤᠰᠪᠤᠷᠢ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠨᠠᠮ ᠤᠨ ᠲᠦᠯᠦᠭᠡᠯᠡᠭᠴᠢᠳ ᠤᠨ ᠬᠤᠷᠠᠯ ᠬᠤᠷᠠᠯᠳᠤᠭᠤᠯᠵᠦ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ 665 ᠲᠦᠯᠦᠭᠡᠯᠡᠭᠴᠢ ᠶᠢ ᠰᠤᠩᠭᠤᠨ ᠭᠠᠷᠭᠠᠵᠠᠢ ᠬᠡᠪᠡ᠃ ᠮᠡᠳᠡᠭᠦᠯᠦᠯᠳᠡ ᠳᠤ ᠵᠢᠭᠠᠵᠦ ᠭᠠᠷᠭᠠᠭᠰᠠᠨ ᠨᠢ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠰᠤᠩᠭᠤᠬᠤ ᠠᠵᠢᠯ ᠨᠠᠮ ᠤᠨ ᠠᠷᠠᠳᠴᠢᠯᠠᠯ ᠲᠦᠪᠯᠡᠷᠡᠯ ᠤᠨ ᠶᠣᠰᠣᠨ ᠤ ᠵᠠᠷᠴᠢᠮ ᠢ ᠬᠢᠨᠠᠮᠠᠭᠠᠢ ᠲᠤᠤᠱᠯᠠᠭᠤᠯᠪᠠ᠃ ᠡᠯ᠎ᠠ ᠰᠤᠩᠭᠤᠭᠤᠯᠢ ᠶᠢᠨ ᠨᠢᠭᠡᠴᠡ ᠲᠦᠯᠦᠭᠡᠯᠡᠭᠴᠢ ᠶᠢᠨ ᠵᠢᠱᠢᠭᠳᠡᠭᠰᠡᠳ ᠢ ᠲᠡᠪᠰᠢᠭᠦᠯᠦᠨ ᠨᠡᠷ᠎ᠡ ᠲᠤᠷᠠᠳᠬᠤ ᠠᠵᠢᠯ ᠢ ᠨᠠᠷᠢᠨ ᠨᠢᠮᠪᠠᠢ ᠪᠠᠶᠢᠷᠢᠯᠠᠭᠤᠯᠣᠨ ᠬᠢᠨᠠᠮᠠᠭᠠᠢ ᠵᠤᠬᠢᠶᠠᠨ ᠪᠠᠶᠢᠭᠤᠯᠵᠦ᠂ ᠲᠤᠤᠷᠠᠳᠦ ᠱᠠᠳᠤᠨ ᠠᠴᠠ ᠲᠡᠭᠡᠳᠦ ᠱᠠᠳᠤ ᠬᠦᠷᠳᠡᠯ᠎ᠡ᠂ ᠲᠡᠭᠡᠳᠦ ᠱᠠᠳᠤᠨ ᠠᠴᠠ ᠲᠤᠤᠷᠠᠳᠦ ᠱᠠᠳᠤ ᠬᠦᠷᠳᠡᠯ᠎ᠡ᠂ ᠲᠡᠭᠡᠳᠦ ᠲᠤᠤᠷᠠᠳᠦ ᠱᠠᠳᠤ ᠶᠢ ᠤᠶᠠᠯᠳᠤᠭᠤᠯᠬᠤ ᠠᠷᠭ᠎ᠠ ᠶᠢ ᠠᠪᠴᠤ᠂ ᠭᠦᠢᠴᠡᠳ ᠵᠦᠪᠯᠡᠨ ᠶᠠᠷᠢᠯᠴᠠᠵᠣ᠂ ᠲᠠᠬᠢᠨ ᠲᠠᠪᠳᠠᠨ ᠵᠦᠪᠳᠡᠵᠦ᠂ ᠠᠵᠢᠯᠯᠠᠵᠣ ᠪᠠᠶᠢᠭ᠎ᠠ ᠨᠢᠭᠡᠴᠡ ᠶᠢᠨ ᠬᠢᠨᠢ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠭᠦᠨ ᠤ ᠰᠠᠨᠠᠯ ᠢ ᠦᠷᠭᠡᠨ ᠢᠶᠠᠷ ᠬᠤᠷᠢᠶᠠᠭᠰᠠᠨ ᠪᠦᠭᠡᠳ ᠬᠦᠨᠵᠡᠭᠡᠢ ᠰᠢᠯᠭᠠᠨ ᠪᠠᠶᠢᠴᠠᠭᠠᠵᠦ᠂ ᠡᠴᠦᠰ ᠲᠤ ᠡᠯ᠎ᠠ ᠰᠤᠩᠭᠤᠭᠤᠯᠢ ᠶᠢᠨ ᠨᠢᠭᠡᠴᠡ ᠨᠠᠮ ︵ᠠᠵᠢᠯ︶ ᠤᠨ ᠬᠤᠷᠢᠶ᠎ᠠ ᠶᠢᠨ ᠪᠦᠭᠦ ᠭᠡᠰᠢᠭᠦᠳ ᠤᠨ ᠬᠤᠷᠠᠯ ᠬᠢᠵᠦ᠂ ᠬᠢᠨᠠᠮᠠᠭᠠᠢ ᠰᠤᠳᠤᠯᠤᠨ ᠲᠤᠭᠳᠠᠭᠠᠪᠠ᠃ ᠰᠤᠩᠭᠤᠭᠤᠯᠢ ᠶᠢᠨ ᠨᠢᠭᠡᠴᠡ ᠪᠦᠷᠢ ᠴᠦᠮ ᠲᠦᠯᠦᠭᠡᠯᠡᠭᠴᠢ ᠪᠠᠷ ᠵᠢᠱᠢᠭᠳᠡᠭᠰᠡᠳ ᠤᠨ ᠪᠡᠯᠡᠳᠭᠡᠯ ᠨᠡᠷᠡᠰ ᠢ ᠢᠯᠡ ᠨᠡᠶᠢᠳᠡᠯᠡᠪᠡ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾ ᠪᠠ ᠲᠦᠪ ᠤᠨ ᠬᠠᠮᠢᠶ᠎ᠠ ᠪᠦᠭᠦᠢ ᠲᠤᠭᠳᠠᠭᠠᠯ ᠤᠨ ᠱᠠᠭᠠᠷᠳᠠᠯᠭ᠎ᠠ ᠶᠣᠰᠣᠭᠠᠷ᠂ ᠪᠦᠭᠦ ᠲᠦᠯᠦᠭᠡᠯᠡᠭᠴᠢ ᠶᠢ ᠴᠦᠮ ᠨᠡᠷ᠎ᠡ ᠲᠡᠮᠳᠡᠭᠯᠡᠭᠦ ᠦᠭᠡᠢ ᠪᠠᠷ ᠪᠢᠯᠧᠲ ᠦᠭᠭᠦ ᠠᠷᠭ᠎ᠠ ᠪᠠᠷ᠂ 25% ᠠᠴᠠ ᠲᠤᠤᠷ᠎ᠠ ᠦᠭᠡᠢ ᠵᠦᠷᠢᠶᠡᠳᠦ ᠳᠤᠭ᠎ᠠ ᠪᠠᠷ ᠰᠤᠩᠭᠤᠨ ᠭᠠᠷᠭᠠᠵᠦ᠂ ᠶᠡᠷᠦᠩᠭᠡᠢ ᠵᠦᠷᠢᠶ᠎ᠠ ᠶᠢᠨ ᠬᠠᠷᠢᠴᠠᠯ ᠨᠢ 27.69% ᠲᠤ ᠬᠦᠷᠴᠡᠢ᠃ ᠡᠨᠡ ᠣᠳᠠᠭ᠎ᠠ ᠶᠢᠨ ᠰᠤᠩᠭᠤᠨ ᠭᠠᠷᠭᠠᠭᠰᠠᠨ ᠲᠦᠯᠦᠭᠡᠯᠡᠭᠴᠢᠳ ᠦᠷᠭᠡᠨ ᠲᠡᠯᠭᠡᠷ ᠲᠦᠯᠦᠭᠡᠯᠡᠭᠦ ᠴᠢᠨᠠᠷ ᠪᠠ ᠲᠡᠷᠢᠭᠦᠨ ᠤ ᠴᠢᠨᠠᠷ ᠲᠠᠢ᠃ 665 ᠲᠦᠯᠦᠭᠡᠯᠡᠭᠴᠢ ᠶᠢᠨ ᠲᠤᠳᠤᠷ᠎ᠠ ᠡᠯ᠎ᠠ ᠱᠠᠳᠤᠨ ᠤ ᠨᠠᠮ ᠤᠨ ᠬᠡᠰᠢᠭᠦᠨ ᠺᠠᠳ᠋ᠷ 414 ᠬᠦᠮᠦᠨ ᠪᠠᠶᠢᠵᠤ᠂ 62. 25% ᠢ ᠡᠵᠡᠯᠡᠵᠤ ᠪᠤᠢ︔ ᠡᠯ᠎ᠠ ᠲᠦᠷᠦᠯ ᠤᠨ ᠲᠤᠰᠬᠠᠢ ᠮᠡᠷᠭᠡᠵᠢᠯ ᠤᠨ ᠠᠵᠢᠯᠳᠠᠨ 135 ᠬᠦᠮᠦᠨ ᠪᠠᠶᠢᠵᠤ᠂ 20 .30% ᠢ ᠡᠵᠡᠯᠡᠵᠤ ᠪᠣᠢ︔ ᠡᠯ᠎ᠠ ᠹᠷᠤᠨᠲ ᠤᠨ ᠲᠡᠷᠢᠭᠦᠨ ᠤ ᠵᠢᠱᠢᠶᠡᠴᠢ 98 ᠬᠦᠮᠦᠨ ᠪᠠᠶᠢᠵᠤ᠂ 14 .74% ᠢ ᠡᠵᠡᠯᠡᠵᠤ ᠪᠤᠢ︔ ᠴᠢᠯᠦᠭᠡᠯᠡᠭᠦ ᠴᠡᠷᠢᠭ᠂ ᠤᠢ ᠰᠢᠭᠤᠢ ᠶᠢᠨ ᠴᠠᠭᠳᠠᠭ᠎ᠠ᠂ ᠬᠢᠯᠢ ᠶᠢᠨ ᠬᠠᠮᠠᠭᠠᠯᠠᠯᠳᠠ᠂ ᠭᠠᠯ ᠰᠡᠷᠬᠡᠶᠢᠯᠡᠵᠦ ᠭᠠᠯ ᠤᠨᠳᠠᠷᠠᠭᠠᠬᠤ᠂ ᠪᠠᠳᠣᠯᠠᠨ ᠬᠠᠮᠠᠭᠠᠯᠠᠬᠤ ᠴᠡᠷᠢᠭ ᠠᠩᠭᠢ ᠶᠢᠨ ᠲᠦᠯᠦᠭᠡᠯᠡᠭᠴᠢ 18 ᠬᠦᠮᠦᠨ ᠪᠠᠶᠢᠵᠤ᠂ 2 .71 % ᠢ ᠡᠵᠡᠯᠡᠵᠤ ᠪᠤᠢ︔ ᠡᠮᠡᠭᠳᠡᠢ ᠲᠦᠯᠦᠭᠡᠯᠡᠭᠴᠢ 203 ᠬᠦᠮᠦᠨ ᠪᠠᠶᠢᠵᠤ᠂ 30 .53% ᠢ ᠡᠵᠡᠯᠡᠵᠤ ᠪᠣᠢ︔ ᠴᠦᠭᠡᠨ ᠲᠤᠭᠠᠳᠤ ᠦᠨᠳᠦᠰᠦᠳᠡᠨ 263 ᠬᠦᠮᠦᠨ ᠪᠠᠶᠢᠵᠤ᠂ 39.55% ᠢ ᠡᠵᠡᠯᠡᠵᠤ ᠪᠤᠢ︔ 50 ᠨᠠᠰᠤᠨ ᠠᠴᠠ ᠲᠤᠷᠤᠭᠰᠢᠬᠢ ᠲᠦᠯᠦᠭᠡᠯᠡᠭᠴᠢ 400 ᠬᠦᠮᠦᠨ ᠪᠠᠶᠢᠵᠤ᠂ 60 . 15% ᠢ ᠡᠵᠡᠯᠡᠵᠤ ᠪᠣᠢ︔ ᠶᠡᠭᠡ ᠰᠣᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠬᠢ ᠠᠴᠠ ᠲᠡᠭᠡᠭᠰᠢᠬᠢ ᠰᠤᠶᠤᠯ ᠤᠨ ᠬᠡᠮᠵᠢᠶ᠎ᠠ ᠲᠠᠢ ᠲᠦᠯᠦᠭᠡᠯᠡᠭᠴᠢ 642 ᠬᠦᠮᠦᠨ ᠪᠠᠶᠢᠵᠤ᠂ 96.54% ᠢ ᠡᠵᠡᠯᠡᠵᠤ᠂ ᠨᠠᠮ ᠤᠨ ᠲᠦᠪ ᠬᠤᠷᠢᠶ᠎ᠠ ᠶᠢᠨ ᠲᠤᠭᠳᠠᠭᠠᠯ ᠲᠠᠢ ᠨᠡᠶᠢᠴᠡᠵᠤ ᠪᠠᠶᠢᠨ᠎ᠠ᠃ ᠲᠦᠯᠦᠭᠡᠯᠡᠭᠴᠢᠳ ᠤᠨ ᠲᠤᠳᠤᠷ᠎ᠠ᠂ ᠶᠠᠫᠤᠨ ᠢ ᠡᠰᠡᠷᠭᠦᠴᠡᠭᠦ ᠲᠠᠶᠢᠨ ᠤ ᠦᠶ᠎ᠠ ᠪᠠ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠡᠯ᠎ᠠ ᠴᠠᠬ ᠦᠶ᠎ᠡ ᠳᠤ ᠨᠠᠮ ᠳᠤ ᠤᠷᠤᠭᠰᠠᠨ ᠨᠠᠮ ᠤᠨ ᠬᠡᠰᠢᠭᠦᠨ ᠴᠦᠮ ᠵᠤᠬᠢᠬᠤ ᠬᠠᠷᠢᠴᠠᠯ ᠢ ᠡᠵᠡᠯᠡᠵᠤ ᠪᠤᠢ᠃ ᠰᠤᠩᠭᠤᠨ ᠭᠠᠷᠭᠠᠭᠰᠠᠨ ᠲᠦᠯᠦᠭᠡᠯᠡᠭᠴᠢᠳ ᠪᠤᠯ ᠴᠦᠮ ᠨᠠᠮ ᠤᠨ ᠬᠡᠰᠢᠭᠦᠳ ᠤᠨ ᠲᠤᠳᠤᠷᠠᠭᠢ ᠰᠢᠯᠢᠳᠡᠭ ᠬᠦᠮᠦᠰ ᠪᠤᠯᠤᠨ᠎ᠠ᠃ ᠲᠡᠳᠡ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠤᠯᠠᠨ ᠲᠦᠮᠡᠨ ᠲᠠᠢ ᠨᠢᠭᠳᠠ ᠬᠠᠷᠢᠯᠴᠠᠵᠦ᠂ ᠠᠷᠢᠭᠤᠨ ᠴᠢᠭᠡᠴᠢ ᠶᠢ ᠡᠷᠬᠢᠮᠯᠡᠵᠤ᠂ ᠤᠯᠤᠰ ᠲᠦᠷᠦ ᠤᠨᠤᠯ ᠤᠨ ᠲᠦᠪᠰᠢᠨ ᠦᠨᠳᠤᠷ ᠪᠦᠭᠡᠳ ᠨᠡᠯᠢᠶᠡᠳ ᠴᠢᠩᠭ᠎ᠠ ᠲᠦᠷᠦ ᠶᠢᠨ ᠶᠠᠪᠣᠳᠠᠯ ᠢ ᠵᠦᠪᠯᠡᠭᠦ᠂ ᠣᠴᠢᠷ ᠶᠠᠪᠤᠳᠠᠯ ᠵᠦᠪᠯᠡᠭᠦ ᠴᠢᠳᠠᠪᠤᠷᠢ ᠲᠠᠢ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠬᠤ᠂ ︽ᠲᠠᠪᠤᠨ ᠶᠡᠭᠡ ᠬᠦᠭᠵᠢᠯᠳᠡ ᠶᠢᠨ ᠤᠢᠢᠯᠠᠭᠠᠭᠳᠠᠬᠤᠨ︾ ᠢ ᠲᠤᠤᠱᠯᠠᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠵᠢᠴᠢ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠶᠢ ᠠᠬᠢᠭᠤᠯᠬᠤ ᠵᠡᠷᠭᠡ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠢᠯ ᠲᠤᠮᠳᠠ ᠲᠤᠪᠤᠶᠢᠮ᠎ᠠ ᠬᠢᠷᠢ ᠪᠦᠳᠦᠮᠵᠢ ᠣᠯᠵᠠᠢ ᠭᠡᠵᠡᠢ᠃ ᠮᠡᠳᠡᠭᠦᠯᠦᠯᠳᠡ ᠳᠤ ᠵᠢᠭᠠᠵᠤ ᠭᠠᠷᠭᠠᠭᠰᠠᠨ ᠨᠢ᠂ 665 ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠲᠦᠯᠦᠭᠡᠯᠡᠭᠴᠢᠳ ᠤᠨ ᠬᠢᠷᠢ ᠬᠡᠮ ᠢ ᠨᠦᠯᠦᠭᠡᠯᠡᠭᠦ ᠠᠰᠠᠭᠤᠳᠠᠯ ᠢ ᠢᠯᠡᠷᠡᠭᠦᠯᠦᠭᠰᠡᠨ ᠦᠭᠡᠢ᠃ ᠲᠦᠯᠦᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠦᠵᠡᠭᠦ ᠪᠠᠷ᠂ 665 ᠲᠦᠯᠦᠭᠡᠯᠡᠭᠴᠢ ᠶᠢ ᠰᠤᠩᠭᠤᠭᠰᠠᠨ ᠡᠮᠬᠢ ᠳᠠᠷᠠᠭᠠᠯᠠᠯ ᠪᠠ ᠬᠤᠪᠢ ᠬᠦᠮᠦᠨ ᠤ ᠨᠦᠬᠦᠴᠡᠯ ᠨᠢ ᠴᠦᠮ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ︾ ᠪᠠ ︽ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠰᠤᠩᠭᠤᠬᠤ ᠠᠵᠢᠯ ᠤᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠮᠡᠳᠡᠭᠳᠡᠯ︾ ᠤᠨ ᠬᠠᠮᠢᠶ ᠎ᠠ ᠪᠦᠬᠦᠢ ᠲᠤᠭᠳᠠᠭᠠᠯ ᠲᠠᠢ ᠨᠡᠶᠢᠴᠡᠵᠤ᠂ ᠲᠦᠯᠦᠭᠡᠯᠡᠭᠴᠢᠳ ᠤᠨ ᠬᠢᠷᠢ ᠬᠡᠮ ᠬᠦᠴᠦᠨ ᠲᠠᠢ ᠬᠡᠵᠡᠢ᠃