ᠮᠠᠨ ᠤ ᠣᠷᠣᠨ ᠲᠤᠮᠤ ᠬᠡᠯᠪᠡᠷᠢ ᠶᠢᠨ ᠠᠵᠢᠯᠲᠠᠨ ᠤᠷᠢᠨ ᠡᠯᠰᠡᠬᠦ ᠴᠤᠭᠯᠠᠭᠠᠨ ᠡᠷᠬᠢᠯᠡᠬᠦ ᠪᠠᠷ ᠪᠤᠢ

2016-12-01 / ᠬᠦᠬᠡᠬᠣᠲᠠ


ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠪ ᠤᠨ 11 ᠰᠠᠷ᠎ᠠ ᠶᠢᠨ 28 ᠤ ᠡᠳᠦᠷ ᠤᠨ ᠮᠡᠳᠡᠭᠡ ᠶᠢ ᠦᠨᠳᠦᠰᠦᠯᠡᠪᠡᠯ᠂ 12 ᠰᠠᠷ᠎ᠠ ᠶᠢᠨ 3 ᠤ ᠡᠳᠦᠷ ᠮᠠᠨ ᠤ ᠣᠷᠣᠨ ᠬᠤᠶᠠᠷ ᠲᠠᠯᠠᠪᠠᠢ ᠲᠤᠮᠤ ᠬᠡᠯᠪᠡᠷᠢ ᠶᠢᠨ ᠠᠵᠢᠯᠲᠠᠨ ᠤᠷᠢᠨ ᠡᠯᠰᠡᠬᠦ ᠴᠤᠭᠯᠠᠭᠠᠨ ᠡᠷᠬᠢᠯᠡᠬᠦ ᠪᠠᠷ ᠪᠠᠶᠢᠨ᠎ᠠ ᠡᠨᠡ ᠬᠤᠶᠠᠷ ᠳᠠᠯᠠᠪᠠᠢ ᠠᠵᠢᠯᠳᠠᠨ ᠣᠷᠢᠨ ᠡᠯᠰᠡᠬᠦ ᠴᠣᠭᠯᠠᠭᠠᠨ ᠨᠢ᠂ ᠳᠣᠰ ᠳᠣᠰ ᠬᠦᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠳᠤ ᠡᠷᠬᠢᠯᠡᠬᠦ 2016 ᠤᠨ ᠤ ᠪᠦᠬᠦ ᠤᠯᠤᠰ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠤᠶᠤᠲᠠᠳ ᠲᠤ ᠠᠵᠢᠯ ᠤᠯᠭᠤᠬᠤ ᠦᠢᠯᠡᠴᠢᠯᠡᠭᠡᠨ ᠤ ᠭᠠᠷᠠᠭ ᠤᠨ ᠠᠵᠢᠯᠯᠠᠭ᠎ᠠ ᠪᠤᠯᠤᠨ ᠪᠦᠬᠦ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠭᠰᠡᠨ ᠤᠶᠤᠲᠠᠳ ᠤᠨ ᠰᠤᠷᠭᠠᠭᠤᠯᠢ ᠶᠢᠨ ᠬᠦᠷᠢᠶᠡᠨ ᠳᠠᠬᠢ ᠲᠤᠰᠬᠠᠢ ᠳᠠᠯᠠᠪᠠᠢ ᠠᠵᠢᠯᠲᠠᠨ ᠤᠷᠢᠨ ᠡᠯᠰᠡᠬᠦ ᠴᠤᠭᠯᠠᠭᠠᠨ︔ ᠦᠪᠦᠷ ᠮᠤᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠡᠷᠬᠢᠯᠡᠬᠦ 2016 ᠤᠨ ᠤ ᠪᠦᠬᠦ ᠤᠷᠤᠨ ᠤ ᠲᠦᠮᠡᠨ ᠠᠵᠦ ᠠᠬᠤᠢᠢᠯᠠᠯ ᠤᠨ ᠬᠢᠨ ᠰᠤᠷᠭᠠᠭᠤᠯᠢ ᠶᠢᠨ ᠬᠦᠷᠢᠶᠡᠨ ᠳᠤ ᠣᠴᠢᠬᠤ ᠠᠵᠢᠯᠯᠠᠭ᠎ᠠ ᠪᠤᠯᠤᠨ ᠦᠪᠦᠷ ᠮᠤᠩᠭᠤᠯ ᠤᠨ ᠡᠪᠦᠯ ᠤᠨ ᠤᠯᠠᠷᠢᠯ ᠤᠨ ᠳᠣᠮᠣ ᠬᠡᠯᠪᠡᠷᠢ ᠶᠢᠨ ᠴᠢᠳᠠᠪᠤᠷᠢᠲᠠᠨ ᠤ ᠰᠤᠯᠢᠯᠴᠠᠭᠠᠨ ᠤ ᠴᠤᠭᠯᠠᠭᠠᠨ ᠪᠤᠯᠤᠨ᠎ᠠ᠃ ᠤᠢᠢᠯᠠᠭᠠᠭᠰᠠᠨ ᠢᠶᠠᠷ᠂ ᠲᠤᠰ ᠬᠤᠶᠠᠷ ᠲᠠᠯᠠᠪᠠᠢ ᠳᠣᠮᠣ ᠬᠡᠯᠪᠡᠷᠢ ᠶᠢᠨ ᠠᠵᠢᠯᠲᠠᠨ ᠤᠷᠢᠨ ᠡᠯᠰᠡᠬᠦ ᠴᠤᠭᠯᠠᠭᠠᠨ ᠢ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠲᠢᠩᠬᠢᠮ ᠠᠴᠠ ᠭᠤᠤᠯᠯᠠᠨ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠪ ᠠᠴᠠ ᠳᠠᠭᠠᠭᠠᠨ ᠡᠷᠬᠢᠯᠡᠬᠦ ᠪᠤᠯᠤᠨ᠎ᠠ᠃ ᠲᠤᠰ ᠣᠳᠠᠭ᠎ᠠ ᠶᠢᠨ ᠠᠵᠢᠯᠲᠠᠨ ᠤᠷᠢᠨ ᠡᠯᠰᠡᠬᠦ ᠭᠠᠷᠠᠭ ᠤᠨ ᠦᠢᠯᠡᠴᠢᠯᠡᠬᠦ ᠡᠲᠡᠭᠡᠳ ᠨᠢ ᠭᠤᠤᠯᠳᠠᠭᠤ 2017 ᠤᠨ ᠳᠤ ᠲᠡᠭᠦᠰᠦᠭᠰᠡᠨ ᠤᠶᠤᠲᠠᠨ᠂ ᠦᠩᠭᠡᠷᠡᠭᠰᠡᠨ ᠵᠢᠯ ᠤᠳ ᠲᠤ ᠲᠡᠭᠦᠰᠦᠭᠰᠡᠨ ᠠᠵᠢᠯ ᠤᠯᠬᠤ ᠬᠦᠰᠡᠯ ᠲᠠᠢ ᠠᠵᠢᠯ ᠣᠯᠣᠭᠠᠳᠣᠢ ᠤᠶᠤᠲᠠᠨ ᠵᠢᠴᠢ ᠵᠢᠷᠭᠤᠭᠠᠨ ᠵᠦᠢᠯ ᠤᠨ ᠦᠨᠳᠦᠰᠦᠨ ᠱᠠᠲᠦᠨ ᠤ ᠲᠦᠷᠦᠯ ᠵᠦᠢᠯ ᠤᠨ ᠦᠢᠯᠡᠴᠢᠯᠡᠬᠦ ᠬᠤᠭᠤᠴᠠᠭ᠎ᠠ ᠨᠢ ᠲᠤᠯᠤᠭᠠᠳ ᠠᠵᠢᠯ ᠤᠯᠤᠭ᠎ᠠ ᠦᠭᠡᠢ ᠤᠶᠤᠲᠠᠳ ᠪᠤᠯᠤᠨ᠎ᠠ᠃