ᠬᠦᠬᠡᠬᠤᠲᠠ ᠶᠢᠨ BRT ᠬᠤᠲᠠ ᠶᠢᠨ ᠠᠷᠠᠳ ᠤᠨ ᠲᠦᠷᠭᠡᠨ ᠤᠨᠤᠭ᠎ᠠ

2016-12-05 / ᠬᠦᠬᠡᠬᠣᠲᠠ


ᠤᠯᠠᠨ ᠨᠠᠶᠢᠳᠠ ᠶᠢᠨ ᠵᠠᠮ ᠬᠠᠷᠢᠯᠴᠠᠭ᠎ᠠ ᠶᠢ ᠶᠡᠬᠡᠪᠡᠷ ᠬᠦᠭᠵᠢᠬᠦᠯᠬᠦ ᠨᠢ ᠬᠤᠳᠠ ᠶᠢᠨ ᠵᠠᠮ ᠬᠠᠷᠢᠯᠴᠠᠭᠠᠨ ᠤ ᠬᠤᠵᠢᠮ ᠤᠨ ᠬᠦᠭᠵᠢᠯᠳᠠ ᠶᠢᠨ ᠭᠤᠤᠯ ᠬᠠᠨᠳᠤᠰᠢ ᠪᠤᠯᠤᠨ᠎ᠠ᠃ ᠶᠠᠷᠤᠩᠬᠡᠢ ᠱᠦᠵᠢ ᠰᠢ ᠵᠢᠩ ᠫᠢᠩ ᠤᠨ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠳᠤ᠂ ᠰᠠᠭᠤᠷᠢ ᠲᠦᠬᠦᠬᠡᠷᠤᠮᠵᠢ ᠶᠢᠨ ᠰᠢᠰᠲ᠋ᠧᠮ ᠤᠨ ᠪᠦᠳᠤᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠠᠭᠤᠷᠢ ᠲᠦᠬᠦᠬᠡᠷᠤᠮᠵᠢ ᠶᠢᠨ ᠠᠵᠤ ᠠᠬᠤᠢ ᠶᠢᠨ ᠬᠦᠭᠵᠢᠯᠳᠠ ᠶᠢ ᠳᠤᠯᠭᠠᠭᠤᠷᠢᠯᠠᠬᠤ ᠴᠢᠳᠠᠪᠤᠷᠢ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠳᠡᠢ ᠬᠡᠪᠡ᠃

2016-11-28-4247385075-2082-45c8-bc25-d770ea0ca5c5

 

ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠦᠪ ᠪᠤᠯᠬᠤ ᠬᠦᠬᠡᠬᠤᠳᠠ ᠪᠤᠯ ᠪᠠᠭ᠎ᠠ ᠬᠤᠳᠠ ᠳᠤᠯᠠ ᠵᠠᠮ ᠬᠠᠷᠢᠯᠴᠠᠭ᠎ᠠ ᠲᠦᠬᠦᠮ ᠦᠬᠡᠢ᠂ 2015 ᠤᠨ ᠳᠤ ᠭᠠᠴᠠᠭ᠎ᠠ ᠳᠤᠰᠬᠤᠨ ᠳᠤ ᠲᠦᠷᠬᠡᠨ ᠬᠤᠷᠳᠤᠴᠠᠳᠤ ᠵᠠᠮ ᠨᠡᠪᠳᠡᠷᠡᠵᠤ᠂ 2020 ᠤᠨ ᠳᠤ ᠭᠠᠵᠡᠷ ᠳᠤᠤᠷᠠᠬᠢ ᠲᠠᠮᠤᠷ ᠵᠠᠮ ᠨᠡᠪᠳᠡᠷᠡᠬᠦ ᠪᠠᠷ ᠪᠤᠢ᠃ ᠬᠡᠳᠦ᠍ᠢᠪᠡᠷ ᠬᠦᠭᠵᠢᠭᠰᠡᠡ ᠬᠤᠳᠠ ᠶᠢ ᠪᠤᠳᠤᠪᠠᠯ ᠵᠠᠮ ᠨᠡᠪᠳᠡᠷᠡᠯᠬᠡ ᠨᠢ ᠲᠠᠶᠢᠮᠤ ᠲᠦᠬᠦᠮ ᠪᠢᠰᠢ ᠪᠤᠯᠪᠠᠴᠤ    ᠨᠢᠳᠤᠨᠤᠨ ᠤ ᠵᠢᠯ ᠤᠨ ᠰᠡᠬᠦᠯᠴᠢ ᠪᠤᠯᠬᠤ ᠳᠤ ᠮᠠᠨ ᠤ ᠤᠷᠤᠨ ᠤ ᠵᠠᠰᠠᠮᠠᠯ ᠵᠠᠮ ᠤᠨ ᠪᠦᠬᠦ ᠤᠷᠳᠤ 17.2 ᠲᠦᠮᠡᠨ ᠺᠢᠯᠤᠮᠧᠲᠷ ᠲᠤ ᠬᠦᠷᠴᠤ᠂ ᠡᠬᠦᠨ ᠳᠤ ᠲᠦᠷᠬᠡᠨ ᠤ ᠵᠠᠰᠠᠮᠠᠯ ᠵᠠᠮ ᠪᠠ ᠨᠢᠬᠡᠳᠤᠬᠡᠷ ᠲᠠᠰ ᠤᠨ ᠵᠠᠰᠠᠮᠠᠯ ᠵᠠᠮ ᠤᠨ ᠪᠦᠬᠦ ᠤᠷᠳᠤ ᠨᠢ ᠳᠤᠰ ᠪᠦᠷᠢ 5000 ᠺᠢᠯᠦᠮᠧᠲᠷ ᠪᠠ 6000 ᠺᠢᠯᠦᠮᠧᠲᠷ ᠢ ᠲᠠᠪᠠᠪᠠ᠃ ᠡᠬᠦᠨ ᠳᠤ ᠭᠠᠴᠠᠭ᠎ᠠ ᠳᠤᠰᠬᠤᠨ ᠳᠤ ᠵᠠᠰᠠᠮᠠᠯ ᠵᠠᠮ ᠤᠨ ᠰᠠᠭᠠᠳ ᠦᠬᠡᠢ ᠨᠡᠪᠳᠡᠷᠡᠬᠦ ᠨᠤᠷᠮ᠎ᠠ 76% ᠲᠤ ᠬᠦᠷᠴᠤ᠂ 98% ᠠᠴᠠ ᠲᠡᠬᠡᠭᠰᠢᠬᠢ ᠭᠠᠴᠠᠭ᠎ᠠ ᠳᠤᠰᠬᠤᠨ ᠳᠤ ᠠᠶᠠᠨᠴᠢᠳ ᠤᠨ ᠮᠠᠰᠢᠨ ᠲᠡᠷᠬᠡ ᠨᠠᠪᠳᠡᠷᠡᠭᠰᠡᠡ ᠪᠠᠶᠢᠨ᠎ᠠ᠃

2015 ᠤᠨ ᠤ 7 ᠰᠠᠷ᠎ᠠ ᠶᠢᠨ 31 ᠤ ᠡᠳᠤᠷ᠂ 200 ᠰᠢᠬᠠᠮ ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠤᠭᠰᠠᠠ ᠬᠦᠬᠡᠬᠤᠳᠠ ᠶᠢᠨ ᠲᠦᠷᠬᠡᠨ ᠬᠤᠷᠳᠤᠴᠠᠳᠤ ᠵᠠᠮ ᠵᠢᠩᠬᠢᠨᠢ ᠪᠠᠷ ᠲᠡᠷᠬᠡ ᠨᠡᠪᠳᠡᠷᠡᠵᠤ᠂ ᠨᠢᠬᠡ ᠵᠢᠯ ᠤᠨ ᠳᠤᠷᠰᠢ ᠬᠤᠳᠠ ᠶᠢᠨ ᠠᠷᠠᠳ ᠲᠤ ᠶᠡᠬᠡᠳᠠ ᠲᠦᠬᠦᠮ ᠦᠵᠡᠬᠦᠯᠦᠭᠰᠡᠡ ᠪᠠᠶᠢᠨ᠎ᠠ᠃ ᠲᠡᠬᠡᠪᠡᠯ ᠲᠦᠷᠬᠡᠨ ᠬᠤᠷᠳᠤᠴᠠᠳᠤ ᠵᠠᠮ ᠤᠨ ᠠᠴᠢ ᠳᠤᠰᠠ ᠶᠢ ᠬᠦᠷᠳᠡᠭᠰᠡᠡ ᠠᠷᠠᠳ ᠤᠯᠠᠨ ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠪᠠᠶᠢᠭᠰᠠᠠ ᠪᠤᠯ ᠬᠡᠵᠤ ᠰᠠᠨᠠᠭᠠᠰᠢᠷᠠᠵᠤ᠂ ᠪᠦᠬᠦ ᠬᠤᠳᠠ ᠶᠢᠨ ᠨᠢᠬᠡᠨ ᠦᠵᠡᠮᠵᠢ ᠪᠤᠯᠤᠭᠰᠠᠠ BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠡᠨᠡ ᠵᠢᠯ ᠤᠨ 12 ᠰᠠᠷ᠎ᠠ ᠶᠢᠨ ᠡᠬᠢ ᠪᠠᠷ ᠠᠰᠢᠭᠯᠠᠯᠳᠠ ᠳᠤ ᠤᠷᠤᠬᠤ ᠪᠠᠷ ᠪᠠᠶᠢᠵᠤ᠂ ᠬᠤᠳᠠ ᠶᠢᠨ ᠬᠦᠮᠤᠰ ᠤᠳᠠᠯ ᠦᠬᠡᠢ ᠡᠨᠡᠬᠦ ᠵᠢᠷᠭᠠᠯ ᠢ ᠡᠳ᠋ᠯᠡᠬᠦ ᠪᠤᠯᠤᠨ᠎ᠠ᠃

BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠪᠤᠯ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠠᠷᠠᠳ ᠲᠤ ᠲᠦᠬᠦᠮ ᠦᠵᠡᠬᠦᠯᠵᠤ᠂ ᠠᠷᠠᠳ ᠲᠤ ᠠᠰᠢᠬ ᠬᠦᠷᠳᠡᠬᠡᠵᠤ ᠪᠠᠶᠢᠭ᠎ᠠ ᠨᠢᠬᠡᠨ ᠠᠷᠭ᠎ᠠ ᠪᠠᠷᠢᠯ ᠪᠠᠶᠢᠵᠤ᠂ ᠳᠤᠰ ᠲᠦᠷᠤᠯ ᠵᠦᠢᠯ ᠢ ᠬᠦᠬᠡᠬᠤᠳᠠ ᠶᠢᠨ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ ᠵᠦᠪᠯᠡᠯ ᠠᠴᠠ ᠭᠠᠷᠳᠠᠨ ᠬᠢᠭᠰᠡᠡ ᠶᠤᠮ᠃ ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠶᠢᠨ ᠤᠨᠴᠠᠭᠠᠢ ᠴᠢᠨᠠᠷ ᠠᠴᠠ ᠨᠢ ᠪᠤᠯᠵᠤ ᠳᠤᠰᠬᠠᠢᠢᠯᠠᠨ ᠵᠠᠬᠢᠶᠠᠯᠠᠳᠠᠭ ᠪᠤᠯᠬᠤᠷ ᠡᠨᠡ ᠵᠢᠯ ᠤᠨ 9 ᠰᠠᠷ᠎ᠠ ᠶᠢᠨ ᠡᠬᠢ ᠪᠠᠷ ᠬᠦᠬᠡᠬᠤᠳᠠ ᠶᠢᠨ ᠨᠠᠶᠢᠳᠠ ᠶᠢᠨ ᠮᠠᠰᠢᠨ ᠲᠡᠷᠬᠡᠨ ᠤ ᠶᠠᠷᠤᠩᠬᠡᠢ ᠺᠤᠮᠫᠠᠨᠢ 60 ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠬᠤᠳᠠᠯᠳᠤᠨ ᠠᠪᠴᠤ᠂ 12 ᠰᠠᠷ᠎ᠠ ᠶᠢᠨ ᠡᠬᠢ ᠪᠠᠷ ᠳᠤᠷᠰᠢᠨ ᠨᠡᠪᠳᠡᠷᠡᠬᠦᠯᠬᠦ ᠪᠠᠷ ᠪᠤᠢ᠃

1974 ᠤᠨ ᠳᠤ ᠪᠷᠠᠽᠢᠯ ᠤᠨ ᠺᠤᠯᠢᠳᠢᠪᠠ ᠬᠤᠳᠠ ᠳᠤ ᠬᠠᠮᠤᠭ ᠤᠨ ᠠᠩᠬ᠎ᠠ ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠶᠢ ᠡᠬᠢᠯᠡᠵᠤ ᠬᠡᠷᠡᠭᠯᠡᠭᠰᠡᠡ ᠠᠴᠠ ᠨᠠᠰᠢ᠂ BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠳᠡᠷᠭᠡ ᠪᠦᠬᠦ ᠲᠡᠯᠡᠬᠡᠢ ᠶᠢᠨ ᠬᠡᠪᠴᠢᠶᠠᠨ ᠳᠤ ᠦᠷᠬᠡᠨ ᠢᠶᠠᠷ ᠬᠡᠷᠡᠭᠯᠡᠭᠳᠡᠬᠦ ᠪᠤᠯᠵᠠᠢ᠃ ᠡᠸᠦ᠍ᠷᠤᠫᠠ ᠲᠢᠪ᠂ ᠤᠮᠠᠷᠠᠳᠤ ᠠᠮᠧᠷᠢᠺᠠ ᠵᠢᠴᠢ ᠠᠦ᠍ᠰᠲᠷᠯᠢᠶ᠎ᠠ ᠵᠡᠷᠬᠡ ᠬᠦᠭᠵᠢᠭᠰᠡᠡ ᠤᠯᠤᠰ ᠲᠤ ᠴᠤ ᠶᠡᠬᠡᠪᠡᠷ ᠬᠡᠷᠡᠭᠯᠡᠵᠤ ᠪᠠᠶᠢᠳᠠᠭ᠃

BRT ᠪᠤᠯ ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡᠨ ᠤ ᠰᠢᠰᠲ᠋ᠧᠮ ᠤᠨ ᠲᠦᠬᠦᠮᠴᠢᠯᠡᠭᠰᠡᠡ ᠨᠠᠷ᠎ᠠ   ᠮᠦᠨ᠃ ᠮᠦᠨᠴᠤ ᠨᠢᠬᠡᠨ ᠵᠦᠢᠯ ᠤᠨ ᠲᠦᠷᠬᠡᠨ ᠬᠤᠷᠳᠤᠴᠠᠳᠤ ᠲᠠᠮᠤᠷ ᠵᠠᠮ ᠤᠨ ᠵᠠᠮ ᠬᠠᠷᠢᠯᠴᠠᠭ᠎ᠠ ᠪᠤᠯᠤᠨ ᠡᠩ ᠤᠨ ᠨᠠᠶᠢᠳᠠ ᠶᠢᠨ ᠮᠠᠰᠢᠨ ᠲᠡᠷᠬᠡᠨ ᠤ ᠦᠢᠯᠡᠴᠢᠯᠡᠭᠡ ᠶᠢ ᠤᠶᠠᠯᠳᠤᠭᠤᠯᠤᠭᠰᠠᠨ ᠰᠢᠨ᠎ᠠ ᠬᠡᠯᠪᠠᠷᠢ ᠶᠢᠨ ᠤᠯᠠᠨ ᠨᠠᠶᠢᠳᠠ ᠶᠢᠨ ᠠᠶᠠᠨᠴᠢᠳ ᠢ ᠵᠦᠬᠡᠬᠡᠪᠤᠷᠢᠯᠡᠬᠦ ᠵᠠᠮ ᠬᠠᠷᠢᠯᠴᠠᠭᠠᠨ ᠤ ᠰᠢᠰᠲ᠋ᠧᠮ ᠪᠠᠶᠢᠵᠤ᠂ ︽ᠭᠠᠵᠡᠷ ᠲᠡᠬᠡᠷᠠᠬᠢ ᠭᠠᠯᠳᠤ ᠲᠡᠷᠬᠡ︾ ᠬᠡᠮᠡᠭᠳᠡᠳᠡᠭ᠃ ᠲᠠᠷᠠ ᠨᠢ ᠤᠳᠤᠬᠢᠴᠢᠯᠠᠭᠰᠠᠠ ᠮᠠᠰᠢᠨ ᠲᠡᠷᠬᠡᠨ ᠤ ᠮᠡᠷᠬᠡᠵᠢᠯ ᠢ ᠤᠶᠤᠨᠳᠤ ᠵᠠᠮ ᠬᠠᠷᠢᠯᠴᠠᠭ᠎ᠠ ᠪᠤᠯᠤᠨ ᠲᠡᠬᠡᠬᠡᠪᠤᠷᠢᠯᠡᠨ ᠡᠵᠡᠩᠨᠡᠬᠦ ᠬᠠᠮᠢᠶᠠᠷᠤᠯᠳᠠ ᠲᠠᠢ ᠵᠤᠬᠢᠴᠠᠭᠤᠯᠬᠤ ᠶᠢ ᠠᠰᠢᠭᠯᠠᠨ᠂ ᠨᠠᠶᠢᠳᠠ ᠶᠢᠨ ᠮᠠᠰᠢᠨ ᠲᠡᠷᠬᠡᠨ ᠤ ᠳᠤᠰᠬᠠᠢ ᠵᠠᠮ ᠱᠤᠭᠤᠮ ᠢ ᠨᠡᠬᠡᠬᠡᠬᠦ ᠪᠠ ᠰᠢᠨ᠎ᠠ ᠮᠠᠶ᠋ᠢᠭ ᠤᠨ ᠨᠠᠶᠢᠳᠠ ᠶᠢᠨ ᠮᠠᠰᠢᠨ ᠲᠡᠷᠬᠡᠨ ᠤ ᠦᠷᠳᠡᠭᠡ ᠶᠢ ᠪᠦᠳᠤᠬᠡᠨ ᠪᠠᠶᠢᠭᠤᠯᠵᠤ᠂ ᠲᠠᠮᠤᠷ ᠵᠠᠮ ᠤᠨ ᠵᠠᠮ ᠬᠠᠷᠢᠯᠴᠠᠭᠠᠨ ᠤ ᠬᠡᠯᠪᠡᠷᠢ ᠶᠢᠨ ᠡᠵᠡᠩᠨᠡᠯᠳᠠ ᠶᠢᠨ ᠤᠢᠢᠯᠠᠴᠢᠯᠡᠭᠡ ᠶᠢ ᠪᠠᠶᠡᠯᠡᠬᠦᠯᠵᠤ᠂ ᠬᠦᠩᠬᠡᠨ ᠵᠠᠮ ︵ ᠲᠠᠮᠤᠷ ᠵᠠᠮ︶ ᠤᠨ ᠤᠢᠢᠯᠠᠴᠢᠯᠡᠬᠡᠨ ᠤ ᠬᠢᠷᠢ ᠲᠦᠪᠰᠢᠨ ᠳᠤ ᠬᠦᠷᠦᠭᠰᠡᠡ ᠨᠢᠬᠡ ᠵᠦᠢᠯ ᠤᠨ ᠦᠪᠡᠷᠮᠢᠴᠠ ᠤᠨᠴᠠᠯᠢᠭ ᠲᠠᠢ ᠬᠤᠳᠠ ᠶᠢᠨ ᠠᠶᠠᠨᠴᠢᠳ ᠢ ᠵᠦᠬᠡᠬᠡᠪᠤᠷᠢᠯᠡᠬᠦ ᠰᠢᠰᠲ᠋ᠧᠮ ᠪᠤᠯᠤᠨ᠎ᠠ᠃

ᠬᠦᠬᠡᠬᠤᠳᠠ ᠶᠢᠨ ᠨᠠᠶᠢᠳᠠ ᠶᠢᠨ ᠮᠠᠰᠢᠨ ᠲᠡᠷᠬᠡᠨ ᠤ ᠶᠠᠷᠤᠩᠬᠡᠢ ᠺᠤᠮᠫᠠᠨᠢ ᠶᠢᠨ ᠬᠠᠷᠢᠭᠤᠴᠠᠯᠭᠠᠳᠠᠨ ᠭᠤᠤ ᠰᠢᠶᠤᠤ ᠫᠢᠩ᠄ ︽ᠨᠠᠶᠢᠳᠠ ᠶᠢᠨ ᠮᠠᠰᠢᠨ ᠳᠡᠷᠭᠡ ᠠᠰᠢᠭᠯᠠᠯᠳᠠ ᠳᠤ ᠤᠷᠤᠬᠤ ᠠᠴᠠ ᠡᠮᠤᠨ᠎ᠠ ᠪᠠᠰᠠ ᠶᠡᠭᠡ ᠬᠡᠮᠵᠢᠶᠠᠨ ᠤ ᠪᠡᠯᠡᠳᠬᠡᠯ ᠠᠵᠢᠯ ᠢ ᠬᠢᠬᠦ ᠴᠢᠬᠤᠯᠠᠳᠠᠢ᠃ ᠵᠢᠯᠤᠭᠤᠴᠢ ᠡᠯᠰᠡᠬᠦ᠂ ᠵᠢᠯᠤᠭᠤᠴᠢ ᠪᠤᠯᠤᠨ ᠪᠤᠰᠤᠳ ᠠᠵᠢᠯᠳᠠᠳ ᠲᠤ ᠪᠤᠯᠪᠠᠰᠤᠷᠠᠯ ᠬᠦᠷᠳᠡᠬᠡᠬᠦ᠂ ᠡᠩ ᠤᠨ ᠨᠠᠶᠢᠳᠠ ᠶᠢᠨ ᠮᠠᠰᠢᠨ ᠲᠡᠷᠬᠡᠨ ᠤ ᠦᠷᠳᠡᠭᠡ ᠠᠴᠠ BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡᠨ ᠤ ᠦᠷᠳᠡᠬᠡᠨ ᠳᠤ ᠬᠠᠮᠤᠭ ᠤᠨ ᠤᠢᠢᠷ᠎ᠠ ᠵᠠᠢ ᠶᠢᠨ ᠳᠤᠳᠤᠷ᠎ᠠ ᠰᠤᠯᠢᠬᠤ ᠵᠡᠷᠬᠡ ᠠᠵᠢᠯ ᠤᠳ ᠢ ᠭᠠᠷᠳᠠᠨ ᠬᠢᠵᠤ᠂ ᠤᠢᠢᠷ᠎ᠠ ᠳᠤ᠂ ᠦᠷᠳᠡᠭᠡ ᠶᠢᠨ ᠰᠢᠪᠠᠷ ᠰᠢᠷᠤᠢ ᠶᠢᠨ ᠠᠵᠢᠯ᠂ ᠲᠡᠷᠬᠡ ᠬᠦᠯᠢᠶᠠᠬᠦ ᠦᠷᠤᠬᠡ ᠶᠢ ᠵᠠᠰᠠᠠ ᠴᠢᠮᠡᠬᠦ ᠪᠦᠬᠦ ᠠᠵᠢᠯ ᠢᠶᠠᠨ ᠲᠠᠭᠤᠰᠬᠠᠭᠰᠠᠠ ᠪᠠᠶᠢᠨ᠎ᠠ᠃ BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠨᠢ ᠡᠩ ᠤᠨ ᠨᠠᠶᠢᠳᠠ ᠶᠢᠨ ᠮᠠᠰᠢᠨ ᠲᠡᠷᠬᠡ ᠶᠢ ᠪᠤᠳᠤᠪᠠᠯ ᠵᠠᠢ ᠨᠢ ᠠᠭᠤᠵᠢᠭᠤ᠂ ᠬᠤᠷᠳᠤᠴᠠ ᠨᠢ ᠬᠤᠷᠳᠤᠨ᠂ ᠠᠶᠠᠨᠴᠢᠳ ᠤᠨ ᠲᠡᠷᠬᠡ ᠬᠦᠯᠢᠶᠠᠬᠦ ᠴᠠᠭ ᠨᠢ ᠤᠬᠤᠷ ᠮᠦᠷᠳᠡᠬᠡᠨ ᠨᠠᠷᠠᠠ ᠳᠤ ᠰᠢᠷᠠᠭᠳᠠᠵᠤ᠂ ᠪᠤᠷᠤᠭᠠᠨ ᠳᠤ ᠨᠤᠷᠤᠭᠳᠠᠬᠤ ᠦᠬᠡᠢ᠃ ᠲᠠᠷᠠᠴᠢᠯᠠᠨ ᠠᠵᠢᠯ ᠳᠤ ᠭᠠᠷᠬᠤ ᠪᠤᠶᠤ ᠠᠵᠢᠯ ᠠᠴᠠ ᠪᠠᠭᠤᠬᠤ ᠦᠶ᠎ᠠ ᠶᠢᠨ ᠵᠠᠮ ᠬᠠᠷᠢᠯᠴᠠᠭᠠᠨ ᠤ ᠲᠦᠭᠵᠢᠷᠠᠯ ᠤᠨ ᠲᠠᠷᠤᠭᠠᠰᠤ ᠶᠢ ᠬᠦᠩᠬᠡᠯᠡᠵᠤ ᠴᠢᠳᠠᠨ᠎ᠠ᠃ BRT ᠶᠢᠨ ᠤᠨᠴᠠᠭᠠᠢ ᠳᠠᠯ᠎ᠠ ᠨᠢ ᠬᠠᠮᠢᠭ᠎ᠠ ᠪᠠᠶᠢᠨ᠎ᠠ ᠬᠡᠪᠡᠯ᠂ ᠦᠷᠳᠡᠭᠡ ᠦᠬᠡᠳᠠ ᠬᠠᠨᠳᠤᠭᠰᠠᠠ ᠬᠤᠶᠠᠷ ᠭᠤᠷᠪᠠᠨ ᠡᠬᠦᠳᠠ ᠲᠠᠢ ︵ᠵᠢᠯᠤᠭᠤᠴᠢ ᠶᠢᠨ ᠲᠠᠯ᠎ᠠ ᠳᠤ ᠪᠠᠶᠢᠳᠠᠭ︶ ᠪᠦᠬᠡᠳ ᠲᠦᠷᠬᠡᠨ ᠬᠤᠷᠳᠤᠴᠠᠳᠤ ᠵᠠᠮ ᠢ ᠳᠤᠭᠤᠷᠢᠭᠰᠠᠠ ᠳᠤᠭᠤᠷᠢᠬ ᠱᠤᠭᠤᠮ ᠤᠨ ᠬᠡᠰᠡᠭ ᠢ ᠴᠠᠭ ᠤᠨ ᠵᠡᠬᠦᠤ ᠶᠢᠨ ᠵᠦᠪ ᠴᠢᠭᠯᠡᠯ ᠪᠤᠯᠤᠨ ᠪᠤᠷᠤᠭᠤ ᠴᠢᠭᠯᠡᠯ ᠢᠶᠠᠷ ᠳᠤᠭᠤᠷᠢᠨ᠎ᠠ᠃ ᠡᠨᠡ ᠨᠢ ᠮᠦᠨᠴᠤ ᠦᠪᠤᠷ ᠮᠤᠩᠭᠤᠯ ᠪᠠᠶᠢᠭᠤᠯᠤᠭᠳᠠᠭᠰᠠᠠ 70 ᠵᠢᠯ ᠤᠨ ᠤᠢ ᠶᠢ ᠪᠡᠯᠭᠡᠯᠡᠭᠦ ᠢᠨᠵᠧᠨᠧᠷᠢᠩ ᠪᠤᠯᠤᠨ᠎ᠠ︾ ᠬᠡᠮᠡᠨ ᠰᠤᠷᠪᠤᠯᠵᠢᠯᠠᠭᠴᠢ ᠳᠤ ᠶᠠᠷᠢᠵᠤ ᠪᠠᠶᠢᠪᠠ᠃

BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠪᠤᠯ ᠦᠨᠳᠤᠷ ᠴᠢᠨᠠᠷ ᠴᠢᠨᠰᠠᠭ᠎ᠠ ᠲᠠᠢ᠂ ᠦᠨᠳᠤᠷ ᠦᠷ᠎ᠠ ᠪᠦᠳᠤᠮᠵᠢ ᠲᠠᠢ᠂ ᠳᠤᠤᠷ᠎ᠠ ᠡᠨᠧᠷᠬᠢ ᠶᠢᠨ ᠬᠤᠷᠤᠭᠳᠠᠯ ᠲᠠᠢ᠂ ᠳᠤᠤᠷ᠎ᠠ ᠪᠤᠬᠢᠷᠳᠤᠯ ᠲᠠᠢ ᠨᠠᠶᠢᠳᠠ ᠶᠢᠨ ᠮᠠᠰᠢᠨ ᠲᠡᠷᠬᠡ ᠪᠤᠯᠤᠨ᠎ᠠ᠃ ᠲᠠᠷᠠ ᠨᠢ ᠪᠢᠳᠡᠬᠦᠮᠵᠢᠯᠡᠭᠰᠡᠡ ᠮᠠᠶ᠋ᠢᠭ ᠤᠨ ᠳᠤᠰᠬᠠᠢ ᠵᠠᠮ ᠱᠤᠭᠤᠮ ᠲᠠᠢ ᠪᠦᠬᠡᠳ ᠲᠦᠷᠬᠡᠨ᠂ ᠰᠠᠭᠤᠬᠤ ᠳᠤ ᠲᠠᠭᠠᠯᠠᠮᠵᠢᠳᠠᠢ ᠪᠦᠬᠡᠳ ᠲᠦᠬᠦᠮ᠂ ᠠᠮᠤᠷ ᠲᠦᠪᠰᠢᠨ᠂ ᠳᠤᠭᠳᠠᠭᠰᠠᠠ ᠴᠠᠭ ᠲᠠᠢ᠂ ᠬᠢᠮᠳᠠ ᠦᠨ᠎ᠠ ᠲᠠᠢ᠃ ᠴᠠᠭ ᠲᠤ ᠠᠷᠪᠢᠳᠠᠢ᠂ ᠡᠵᠡᠩᠨᠡᠯᠳᠠ ᠶᠢᠨ ᠦᠷᠳᠡᠭ ᠨᠢ ᠳᠤᠤᠷ᠎ᠠ᠂ ᠬᠤᠳᠠ ᠶᠢᠨ ᠵᠠᠮ ᠬᠠᠷᠢᠯᠴᠠᠭᠠᠨ ᠤ ᠲᠦᠭᠵᠢᠷᠠᠯ ᠤᠨ ᠲᠠᠷᠤᠭᠠᠰᠤ ᠶᠢ ᠬᠦᠩᠬᠡᠯᠡᠵᠤ᠂ ᠬᠤᠳᠠ ᠶᠢᠨ ᠠᠮᠢᠳᠤᠷᠠᠯ ᠤᠨ ᠤᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠲᠡᠬᠡᠭᠰᠢᠯᠡᠬᠦᠯᠤᠨ᠂ ᠬᠤᠳᠠ ᠶᠢᠨ ᠵᠠᠮ ᠬᠠᠷᠢᠯᠴᠠᠭᠠᠨ ᠤ ᠬᠡᠯᠪᠡᠷᠢ ᠶᠢᠨ ᠬᠦᠭᠵᠢᠯᠳᠠ ᠶᠢ ᠲᠠᠩᠴᠡᠬᠦᠷᠢᠰᠢᠬᠦᠯᠬᠦ ᠦᠢᠯᠡᠳᠦᠯ ᠲᠠᠢ᠃

ᠬᠦᠬᠡᠬᠤᠳᠠ ᠶᠢᠨ BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠳᠤ ᠵᠤᠷᠢᠭᠤᠯᠤᠨ᠂ ᠤᠳᠤᠬᠠᠨ ᠳᠤ 2 ᠳᠤᠭᠤᠷᠢᠭ ᠵᠠᠮ ᠱᠤᠭᠤᠮ ᠢ ᠳᠤᠭᠳᠠᠭᠠᠨ᠂ ᠳᠤᠭᠤᠷᠢᠭ ᠵᠠᠮ ᠪᠤᠯᠤᠨ ᠬᠠᠭᠠᠰ ᠳᠤᠭᠤᠷᠢᠭ ᠵᠠᠮ ᠢᠶᠠᠷ ᠵᠠᠮᠨᠠᠵᠤ᠂ ᠳᠤᠭᠤᠷᠢᠭ ᠵᠠᠮ ᠤᠨ ᠤᠷᠳᠤ ᠨᠢ 46 ᠺᠢᠯᠤᠮᠧᠲᠷ᠂ ᠬᠠᠭᠠᠰ ᠳᠤᠭᠤᠷᠢᠭ ᠵᠠᠮ ᠤᠨ ᠤᠷᠳᠤ ᠨᠢ 23 ᠺᠢᠯᠤᠮᠧᠲᠷ᠃ ᠵᠠᠮ ᠱᠤᠭᠤᠮ ᠪᠤᠯᠭᠠᠨ ᠳᠤ 46 ᠦᠷᠳᠡᠭᠡ ᠲᠠᠢ᠃ ᠴᠠᠭ ᠤᠨ ᠬᠤᠷᠳᠤᠴᠠ ᠶᠢ 30 ᠺᠢᠯᠦᠮᠧᠲᠷ ᠢᠶᠠᠷ ᠲᠦᠯᠦᠪᠯᠡᠵᠤ᠂ ᠡᠩ ᠤᠨ ᠨᠠᠶᠢᠳᠠ ᠶᠢᠨ ᠮᠠᠰᠢᠨ ᠲᠡᠷᠬᠡ ᠶᠢᠨ ᠬᠤᠷᠳᠤᠴᠠ ᠴᠠᠭ ᠪᠦᠷᠢ ᠳᠤ 12 ᠺᠢᠯᠤᠮᠧᠲᠷ ᠪᠠᠶᠢᠳᠠᠭ ᠠᠴᠠ ᠬᠤᠯᠠ ᠬᠤᠷᠳᠤᠨ   ᠪᠤᠯᠵᠠᠢ᠃ ᠨᠠᠶᠢᠳᠠ 30 ᠨᠠᠶᠢᠳᠠ ᠶᠢᠨ ᠮᠠᠰᠢᠨ ᠲᠡᠷᠬᠡ ᠳᠤᠬᠢᠷᠠᠭᠤᠯᠤᠨ᠂ 8 ᠮᠢᠨᠦ᠍ᠲ ᠪᠦᠷᠢ ᠳᠤ ᠨᠢᠬᠡ ᠲᠡᠷᠬᠡ     ᠬᠦᠳᠡᠯᠦᠨ᠎ᠠ᠃ ᠪᠦᠳᠤᠨ ᠨᠢᠬᠡ ᠳᠤᠭᠤᠷᠢᠬᠤ ᠳᠤ 1 ᠴᠠᠭ ᠬᠡᠷᠡᠭᠰᠡᠨ᠎ᠠ᠃

ᠬᠦᠬᠡᠬᠤᠳᠠ ᠶᠢᠨ ᠨᠠᠶᠢᠳᠠ ᠶᠢᠨ ᠮᠠᠰᠢᠨ ᠲᠡᠷᠬᠡ ᠶᠢᠨ ᠶᠠᠷᠤᠩᠬᠡᠢ ᠺᠤᠮᠫᠠᠨᠢ ᠶᠢᠨ ᠬᠠᠷᠢᠭᠤᠴᠠᠭᠠᠯᠳᠠᠨ ᠭᠤᠤ ᠰᠢᠶᠤᠤ ᠫᠢᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠬᠦᠬᠡᠬᠤᠳᠠ ᠶᠢᠨ ᠨᠠᠶᠢᠳᠠ ᠶᠢᠨ ᠮᠠᠰᠢᠨ ᠲᠡᠷᠬᠡᠨ ᠤ ᠬᠦᠭᠵᠢᠯᠳᠠ ᠶᠢᠨ ᠬᠠᠨᠳᠤᠰᠢ ᠶᠢᠨ ᠳᠤᠬᠠᠢ ᠶᠠᠷᠢᠪᠡᠯ᠂ ᠢᠷᠡᠬᠦ ᠲᠠᠪᠤᠨ ᠵᠢᠯ ᠳᠤ ᠨᠠᠶᠢᠳᠠ ᠶᠢᠨ ᠮᠠᠰᠢᠨ ᠲᠡᠷᠬᠡ ᠶᠢ ᠪᠤᠬᠢᠷᠳᠤᠯ ᠦᠬᠡᠢ᠂ ᠠᠷᠠᠳ ᠲᠤ ᠠᠰᠢᠭᠳᠠᠢ᠂ ᠠᠷᠠᠳ ᠲᠤ ᠲᠦᠬᠦᠮ ᠦᠵᠡᠬᠦᠯᠬᠦ᠂ ᠠᠮᠤᠷ ᠲᠦᠪᠰᠢᠨ ᠵᠡᠷᠬᠡ ᠲᠦᠷᠪᠡᠨ ᠲᠠᠯ᠎ᠠ ᠪᠠᠷ ᠬᠦᠭᠵᠢᠬᠦᠯᠤᠨ᠎ᠠ᠃ ᠪᠤᠬᠢᠷᠳᠤᠯ ᠦᠬᠡᠢ ᠨᠠᠶᠢᠳᠠ ᠶᠢᠨ ᠮᠠᠰᠢᠨ ᠳᠡᠷᠭᠡ ᠪᠤᠯ ᠰᠢᠨ᠎ᠠ ᠡᠨᠧᠷᠬᠢ ᠶᠢᠨ ᠨᠠᠶᠢᠳᠠ ᠶᠢᠨ ᠮᠠᠰᠢᠨ ᠲᠡᠷᠬᠡ ᠪᠠᠶᠢᠵᠤ᠂ ᠡᠨᠡ ᠵᠢᠯ ᠨᠢᠬᠡᠨᠳᠠ 427 ᠮᠠᠰᠢᠨ ᠬᠤᠳᠠᠯᠳᠤᠨ ᠠᠪᠴᠠᠢ᠃ ᠢᠷᠡᠬᠦ ᠬᠤᠶᠠᠷ ᠵᠢᠯ ᠳᠤ᠂ ᠵᠢᠯ ᠪᠤᠯᠭᠠᠨ 500 ᠰᠢᠨ᠎ᠠ ᠡᠨᠧᠷᠬᠢ ᠶᠢᠨ ᠨᠠᠶᠢᠳᠠ ᠶᠢᠨ ᠮᠠᠰᠢᠨ ᠲᠡᠷᠬᠡ ᠬᠤᠳᠠᠯᠳᠤᠨ ᠠᠪᠬᠤ ᠲᠦᠯᠦᠪᠯᠡᠭᠡ ᠲᠠᠢ᠃ ᠠᠷᠠᠳ ᠲᠤ ᠲᠦᠬᠦᠮ ᠦᠵᠡᠬᠦᠯᠬᠦ ᠲᠠᠯ᠎ᠠ ᠪᠠᠷ᠂ ᠰᠢᠨ᠎ᠠ ᠪᠠᠷ ᠪᠦᠳᠤᠬᠡᠨ ᠪᠠᠶᠢᠭᠤᠯᠤᠭᠰᠠᠠ ᠰᠠᠭᠤᠭᠠᠯᠢ ᠠᠷᠠᠳ ᠤᠨ ᠳᠤᠭᠤᠷᠢᠭ ᠲᠤ ᠨᠠᠶᠢᠳᠠ ᠶᠢᠨ ᠮᠠᠰᠢᠨ ᠲᠡᠷᠬᠡ ᠬᠦᠷᠬᠦ ᠦᠬᠡᠢ ᠭᠠᠵᠡᠷ ᠲᠤ 8 ᠮᠧᠲᠷ ᠤᠷᠳᠤ ᠳᠤᠮᠳᠠ ᠬᠡᠯᠪᠡᠷᠢ ᠶᠢᠨ ᠨᠠᠶᠢᠳᠠ ᠶᠢᠨ ᠮᠠᠰᠢᠨ ᠲᠡᠷᠬᠡ ᠶᠢ 164 ᠬᠤᠳᠠᠯᠳᠤᠨ ᠠᠪᠴᠤ᠂ ᠨᠡᠶᠢᠬᠡᠮ ᠳᠤᠭᠤᠷᠢᠭ ᠲᠤ ᠬᠠᠨᠳᠤᠭᠤᠯᠤᠭᠰᠠᠠ ᠵᠠᠮ ᠱᠤᠭᠤᠮ ᠢ ᠨᠡᠬᠡᠬᠡᠵᠤ᠂ ᠠᠷᠠᠳ ᠲᠤ ᠲᠦᠬᠦᠮ ᠦᠵᠡᠬᠦᠯᠤᠨ᠎ᠠ᠃ ᠡᠬᠦᠨ ᠠᠴᠠ ᠭᠠᠳᠠᠨ᠎ᠠ 5 ᠠᠮᠢ ᠠᠬᠤᠢ ᠵᠤᠭᠠᠴᠠᠯ ᠤᠨ ᠵᠠᠮ ᠱᠤᠭᠤᠮ ᠢ ᠨᠡᠬᠡᠬᠡᠵᠤ᠂ ᠨᠠᠶᠢᠳᠠ ᠶᠢᠨ ᠮᠠᠰᠢᠨ ᠲᠡᠷᠬᠡᠨ ᠤ ᠦᠷᠳᠡᠭᠡ ᠶᠢ ᠵᠤᠭᠠᠴᠠᠯ ᠤᠨ ᠭᠠᠵᠡᠷ ᠲᠠᠢ ᠬᠤᠯᠪᠤᠨ᠂ ᠠᠷᠠᠳ ᠤᠨ ᠵᠤᠭᠠᠴᠠᠨ ᠳᠤᠭᠤᠷᠢᠬᠤ ᠳᠤ ᠲᠦᠬᠦᠮ ᠦᠵᠡᠬᠦᠯᠤᠨ᠎ᠠ᠃ ᠵᠢᠯ ᠪᠤᠯᠭᠠᠨ 5 ᠬᠦᠳᠡᠭᠡ ᠳᠤᠰᠬᠤᠨ ᠳᠤ ᠨᠡᠪᠳᠡᠷᠡᠬᠦ ᠵᠠᠮ ᠱᠤᠭᠤᠮ ᠢ ᠨᠡᠬᠡᠬᠡᠨ᠎ᠠ᠃ ᠪᠠᠰᠠ ᠪᠦᠬᠦ ᠬᠤᠳᠠ ᠳᠤ 2800 ᠨᠠᠶᠢᠳᠠ ᠶᠢᠨ ᠮᠠᠰᠢᠨ ᠲᠡᠷᠬᠡ ᠶᠢᠨ ᠦᠷᠳᠡᠬᠡᠨ ᠳᠤ ᠡᠯᠧᠺᠲᠷᠦᠨ ᠦᠷᠳᠡᠭᠡ ᠶᠢᠨ ᠫᠠᠶᠢᠰᠠ ᠶᠢ ᠦᠬᠡᠷᠡᠴᠢᠯᠠᠨ ᠬᠢᠵᠤ᠂ 2018 ᠤᠨ ᠳᠤ ᠪᠦᠬᠦ ᠠᠵᠢᠯ ᠢᠶᠠᠨ ᠳᠠᠭᠤᠰᠬᠠᠬᠤ ᠪᠠᠷ ᠲᠦᠯᠦᠪᠯᠡᠵᠤ ᠪᠠᠶᠢᠨ᠎ᠠ᠃ ᠠᠷᠠᠳ ᠲᠤ ᠠᠰᠢᠬ ᠬᠦᠷᠳᠡᠬᠡᠬᠦ ᠲᠠᠯ᠎ᠠ ᠪᠠᠷ᠂ ᠰᠠᠭᠤᠭᠠᠯᠢ ᠠᠷᠠᠳ ᠤᠨ ᠺᠠᠷᠲ ᠢ ᠬᠡᠷᠡᠭᠵᠢᠬᠦᠯᠵᠤ᠂ ᠨᠠᠶᠢᠳᠠ ᠶᠢᠨ ᠮᠠᠰᠢᠨ ᠲᠡᠷᠬᠡᠨ ᠤ ᠰᠦᠢᠳᠬᠡᠯ ᠳᠤᠰᠢᠶᠠᠬᠤ ᠰᠠᠭᠤᠷᠢᠨ ᠲᠡᠬᠡᠷ᠎ᠠ ᠴᠠᠬᠢᠯᠭᠠᠨ᠂ ᠤᠰᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠰᠦᠢᠳᠬᠡᠯ ᠵᠢᠴᠢ ᠬᠤᠵᠢᠮ ᠤᠨ ᠭᠠᠵᠡᠷ ᠳᠤᠤᠷᠠᠬᠢ ᠭᠠᠯᠳᠤ ᠲᠡᠷᠬᠡᠨ ᠤ ᠰᠦᠢᠳᠬᠡᠯ ᠢ ᠳᠤᠰᠢᠶᠠᠬᠤ ᠤᠢᠢᠯᠠᠳᠤᠯ ᠲᠠᠢ ᠪᠤᠯᠭᠠᠬᠤ ᠶᠢᠨ ᠲᠠᠭᠠᠤ ᠰᠥᠯᠵᠢᠶᠠᠨ ᠲᠡᠬᠡᠷ᠎ᠠ ᠮᠦᠩᠬᠦ ᠨᠡᠮᠡᠵᠤ ᠲᠠᠶᠢᠯᠬᠦ ᠤᠢᠢᠯᠠᠳᠤᠯ ᠲᠠᠢ ᠪᠤᠯᠭᠠᠨ᠎ᠠ᠃ ᠠᠮᠤᠷ ᠲᠦᠪᠰᠢᠨ ᠤ ᠲᠠᠯ᠎ᠠ ᠪᠠᠷ᠂ ᠠᠮᠤᠷ ᠲᠦᠪᠰᠢᠨ ᠤ ᠬᠠᠮᠠᠭᠠᠯᠠᠯᠳᠠ ᠶᠢᠨ ᠡᠩᠨᠡᠭᠡ ᠶᠢᠨ ᠪᠦᠳᠤᠬᠡᠨ ᠪᠠᠶᠢᠭᠤᠯᠤᠯᠳᠠ ᠶᠢ ᠠᠳᠬᠤᠵᠤ᠂ ᠮᠡᠷᠬᠡᠵᠢᠯ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠬᠦᠬᠡᠬᠤᠳᠠ ᠶᠢᠨ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠨᠠᠰᠢ ᠴᠠᠰᠢ ᠶᠠᠪᠤᠬᠤ ᠳᠤ ᠪᠠᠳᠤᠯᠠᠭ᠎ᠠ ᠬᠠᠩᠭᠠᠨ᠎ᠠ︾ ᠬᠡᠪᠡ᠃

︽BRT ᠲᠦᠷᠬᠡᠨ ᠬᠤᠷᠳᠤᠴᠠᠳᠤ ᠨᠠᠶᠢᠳᠠ ᠶᠢᠨ ᠮᠠᠰᠢᠨ ᠲᠡᠷᠬᠡ ᠤᠳᠠᠯ ᠦᠬᠡᠢ ᠨᠡᠪᠳᠡᠷᠡᠬᠦ ᠬᠡᠵᠤ ᠪᠠᠶᠢᠭ᠎ᠠ ᠶᠢ ᠰᠤᠨᠤᠰᠤᠭᠰᠠᠠ ᠪᠤᠯᠬᠤᠷ ᠦᠨᠤᠳᠤᠷ ᠨᠠᠶᠢᠳᠠ ᠶᠢᠨ ᠮᠠᠰᠢᠨ ᠲᠡᠷᠬᠡ ᠶᠢᠨ ᠦᠷᠳᠡᠭᠡ ᠪᠠᠷ ᠳᠤᠭᠤᠷᠢᠵᠤ ᠡᠷᠬᠢᠵᠤ ᠦᠵᠡᠵᠤ ᠪᠠᠶᠢᠨ᠎ᠠ᠂ ᠤᠳᠤᠬᠢ ᠨᠡᠶᠢᠬᠡᠮ ᠤᠨ ᠬᠦᠭᠵᠢᠯᠳᠠ ᠴᠤᠬᠤᠮ ᠬᠤᠷᠳᠤᠨ ᠪᠠᠶᠢᠨ᠎ᠠ᠂ ᠵᠠᠮ ᠬᠠᠷᠢᠯᠴᠠᠭ᠎ᠠ ᠴᠤ ᠤᠯᠠᠮ ᠠᠴᠠ ᠤᠯᠠᠮ ᠲᠦᠬᠦᠮ ᠪᠤᠯᠵᠤ ᠪᠠᠶᠢᠨ᠎ᠠ᠂ ᠨᠠᠮ ᠤᠨ ᠰᠠᠶᠢᠨ ᠢᠶᠠᠷ ᠪᠢᠳᠠ ᠴᠤ ᠵᠢᠷᠭᠠᠯᠳᠠᠢ ᠠᠮᠢᠳᠤᠷᠠᠯ ᠢ ᠡᠳ᠋ᠯᠡᠵᠤ᠂ ᠠᠯᠢ ᠬᠦᠭᠵᠢᠭᠰᠡᠡ ᠵᠦᠢᠯ ᠤᠳ ᠢ ᠤᠯᠵᠤ ᠬᠠᠷᠠᠵᠤ ᠪᠠᠶᠢᠨ᠎ᠠ ᠰᠢᠤ︾ ᠬᠡᠵᠤ ᠵᠢᠷᠠ ᠶᠢᠨ ᠲᠠᠪᠠᠭ᠎ᠠ ᠶᠢ ᠲᠠᠪᠠᠭᠰᠠᠠ ᠬᠤᠳᠠ ᠶᠢᠨ ᠠᠷᠠᠳ ᠮᠦᠩᠬᠦᠨᠰᠤᠳᠤ ᠰᠤᠷᠪᠤᠯᠵᠢᠯᠠᠭᠴᠢ ᠳᠤ ᠰᠠᠨᠠᠭᠰᠠᠠ ᠰᠠᠨᠠᠭ᠎ᠠ ᠪᠤᠳᠤᠭᠰᠠᠠ ᠪᠤᠳᠤᠯ ᠢᠶᠠᠨ ᠨᠢᠭᠤᠯ ᠦᠬᠡᠢ ᠶᠠᠷᠢᠨ᠎ᠠ᠃