ᠴᠠᠬᠠᠷ ᠨᠠᠢᠮᠠᠨ ᠬᠤᠰᠢᠭᠤᠨ ᠤ ᠬᠤᠪᠢᠰᠤᠯ

2015-11-10 / ᠬᠦᠬᠡᠬᠣᠲᠠ


1917 ᠤᠨ ᠦ 6 ᠰᠠᠷ᠎ᠠ ᠳᠤ ᠂ ᠤᠮᠠᠷᠠᠳᠤ ᠶᠢᠨ ᠵᠠᠰᠠᠭ ᠤᠨ ᠤᠷᠳᠤᠨ ᠠᠴᠠ ᠿᠸ ᠡᠾᠸ ᠂ ᠰᠦᠢᠶᠤᠸᠠᠨ ᠂ ᠴᠠᠬᠠᠷ ᠢ ᠭᠤᠷᠪᠠᠨ ᠤᠨᠴᠠᠭᠠᠢ ᠤᠷᠤᠨ ᠪᠤᠯᠭᠠᠵᠤ ᠂ ᠢᠷᠭᠡᠨ ᠤᠯᠤᠰ ᠤᠨ ᠠᠷᠪᠠᠨ ᠳᠤᠯᠤᠳᠤᠭᠠᠷ ᠤᠨ ︵ 1928 ︶  ᠤ ᠶᠢᠰᠤᠨ ᠰᠠᠷ᠎ᠠ ᠳᠤ ᠂ ᠭᠤᠮᠢᠨᠳᠠᠩ ᠤᠨ ᠵᠠᠰᠠᠭ ᠤᠨ ᠤᠷᠳᠤᠨ ᠠᠴᠠ ᠭᠤᠷᠪᠠᠨ ᠤᠨᠴᠠᠭᠠᠢ ᠤᠷᠤᠨ ᠢ ᠮᠤᠵᠢ ᠪᠤᠯᠭᠠᠨ ᠦᠭᠡᠷᠡᠴᠢᠯᠡᠵᠤ ᠴᠠᠬᠠᠷ ᠨᠠᠢᠮᠠᠨ ᠬᠤᠰᠢᠭᠤ ᠶᠢ ᠴᠠᠬᠠᠷ ᠮᠤᠵᠢ ᠳᠤ ᠬᠠᠮᠢᠶᠠᠷᠤᠭᠤᠯᠵᠡᠢ ᠃1935 ᠤᠨ ᠳᠤ ᠴᠠᠬᠠᠷ ᠪᠠᠷᠠᠭᠤᠨ ᠭᠠᠷᠤᠨ ᠲᠦᠷᠪᠡᠨ ᠬᠤᠰᠢᠭᠤ ᠶᠢ ᠰᠦ᠍ᠢᠶᠤᠸᠠᠨ ᠮᠤᠵᠢ ᠳᠤ ᠬᠠᠷᠢᠶᠠᠯᠠᠭᠤᠯᠵᠤ ᠂ ᠲᠡᠤᠬᠡᠨ ᠳᠤ ︽ ᠰᠦᠢᠶᠤᠸᠠᠨ ᠤ ᠵᠡᠭᠦᠨ ᠲᠦᠷᠪᠡᠨ ᠬᠤᠰᠢᠭᠤ ︾ ᠭᠡᠳᠡᠭ ᠃ 1936 ᠤᠨ ᠤ 1 ᠰᠠᠷ᠎ᠠ ᠶᠢᠨ 22 ᠦ ᠡᠳᠤᠷ ᠂ ᠴᠠᠬᠠᠷ ᠠᠶᠢᠮᠠᠭ ᠤᠨ ᠵᠠᠬᠢᠷᠭ᠎ᠠ ᠪᠠᠶᠢᠭᠤᠯᠤᠭᠳᠠᠪᠠ ᠃1937 ᠤᠨ ᠤ10 ᠰᠠᠷ᠎ᠠ ᠳᠤ ︽ ᠮᠤᠩᠭᠤᠯ ᠤᠨ ᠬᠤᠯᠪᠦᠭᠠᠲᠤ ᠦᠪᠡᠷᠳᠡᠭᠡᠨ ᠵᠠᠰᠠᠬᠤ ᠵᠠᠰᠠᠭ ᠤᠨ ᠤᠷᠳᠤᠨ ︾ ᠪᠠᠶᠢᠭᠤᠯᠤᠭᠳᠠᠭᠰᠠᠨ ᠤ ᠳᠠᠷᠠᠭ᠎ᠠ ᠂ ᠴᠠᠬᠠᠷ ᠵᠡᠭᠦᠨ ᠭᠠᠷᠤᠨ ᠲᠦᠷᠪᠡᠨ ᠬᠤᠰᠢᠭᠤ ᠵᠢᠴᠢ ᠱᠠᠨᠲᠤ ᠬᠤᠰᠢᠭᠤ ᠂ ᠮᠢᠩᠭᠠᠨ ᠬᠤᠰᠢᠭᠤ ᠂ ᠲᠠᠶᠢᠪᠦᠰᠸ ᠵᠡᠭᠦᠨ ᠭᠠᠷᠤᠨ ᠬᠤᠰᠢᠭᠤ ᠂ ᠲᠠᠶᠢᠪᠦᠰᠸ ᠪᠠᠷᠠᠭᠤᠨ ᠭᠠᠷᠤᠨ ᠬᠤᠰᠢᠭᠤ ᠶᠢ ᠴᠠᠬᠠᠷ ᠠᠶᠢᠮᠠᠭ ᠲᠣ ᠬᠠᠷᠢᠶᠠᠯᠠᠭᠤᠯᠵᠤ ᠂ ᠰᠦᠢᠶᠤᠸᠠᠨ ᠤ ᠵᠡᠭᠦᠨ ᠲᠦᠷᠪᠡᠨ ᠬᠤᠰᠢᠭᠤ ᠶᠢ ᠪᠠᠶᠠᠨᠲᠠᠯ᠎ᠠ ᠠᠶᠢᠮᠠᠭ  ᠳᠤ ᠬᠠᠷᠢᠶᠠᠯᠠᠭᠤᠯᠵᠡᠢ ᠃1945 ᠤᠨ ᠳᠤ ᠶᠠᠫᠦᠨ ᠪᠠᠭᠤᠵᠤ ᠦᠭ᠍ᠭᠦᠭᠰᠡᠨ ᠦ ᠳᠠᠷᠠᠭ᠎ᠠ ᠪᠠᠶᠠᠨᠲᠠᠯ᠎ᠠ ᠠᠶᠢᠮᠠᠭ ᠢ ᠦᠭᠡᠢ ᠪᠤᠯᠭᠠᠪᠠ ᠃ 1947 ᠤᠨ ᠤ 5 ᠰᠠᠷ᠎ᠠ ᠶᠢᠨ1 ᠳᠦ ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠵᠤ ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠰᠦ᠍ᠢᠶᠤᠸᠠᠨ ᠮᠤᠵᠢ ᠶᠢᠨ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ ᠭᠠᠵᠠᠷ ᠲᠤ ᠬᠠᠮᠢᠶᠠᠷᠠᠭᠤᠯᠪᠠ ᠃1950 ᠤᠨ ᠤ 1 ᠰᠠᠷ᠎ᠠ ᠶᠢᠨ 20 ᠦ ᠡᠳᠤᠷ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠵᠡᠭᠦᠨ ᠳᠦᠷᠪᠡᠨ ᠬᠤᠰᠢᠭᠤᠨ ᠤ ᠬᠡᠷᠡᠭ ᠡᠷᠬᠢᠯᠡᠬᠦ ᠭᠠᠵᠠᠷ ᠢ ᠦᠭᠡᠢ ᠪᠤᠯᠭᠠᠵᠤ ᠂ ᠲᠦᠪ ᠬᠤᠰᠢᠭᠤᠨ ᠤ ᠳᠦ᠍ᠷᠢᠮ ᠢ ᠬᠡᠷᠡᠭᠵᠢᠭᠦᠯᠦᠨ ᠂ ᠭᠦᠯᠦ ᠤᠯᠠᠭᠠᠨ ᠬᠤᠰᠢᠭᠤ ᠪᠠᠷ ᠲᠢᠪ ᠬᠤᠰᠢᠭᠤ ᠪᠤᠯᠭᠠᠨ ᠂ ᠮᠤᠵᠢ ᠶᠢᠨ ᠵᠠᠰᠠᠭ ᠤᠨ ᠤᠷᠳᠤᠨ ᠠᠴᠠ ᠤᠳᠤᠷᠢᠳᠤᠭᠤᠯᠪᠠ ᠃ 1952 ᠤᠨ ᠳᠤ ᠴᠠᠬᠠᠷ ᠮᠤᠵᠢ ᠶᠢ ᠦᠭᠡᠢ ᠪᠤᠯᠭᠠᠪᠠ ᠂1954 ᠤᠨ ᠤ 3 ᠰᠠᠷ᠎ᠠ ᠶᠢᠨ 19 ᠳᠦ ᠂ ᠰᠦᠢᠶᠤᠸᠠᠨ ᠮᠤᠵᠢ ᠪᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠢ ᠬᠠᠮᠲᠤᠷᠠᠭᠤᠯᠤᠭᠠᠳ ᠂ ᠰᠦᠢᠶᠤᠸᠠᠨ ᠮᠤᠵᠢ ᠶᠢ ᠦᠭᠡᠢ ᠪᠤᠯᠭᠠᠪᠠ ᠃ ᠲᠤᠰ ᠰᠠᠷ᠎ᠠ ᠳᠤ ᠂ ᠵᠡᠭᠦᠨ ᠳᠦᠷᠪᠡᠨ ᠬᠤᠰᠢᠭᠤᠨ ᠤ ᠲᠦ᠍ᠪ ᠬᠤᠰᠢᠭᠤ ᠶᠢ ᠦᠭᠡᠢ ᠪᠤᠯᠭᠠᠵᠤ ᠂ ᠴᠠᠬᠠᠷ ᠪᠠᠷᠠᠭᠤᠨ ᠭᠠᠷ ᠡᠮᠤᠨᠡᠳᠤ ᠬᠤᠰᠢᠭᠤ ᠂ ᠴᠠᠬᠠᠷ ᠪᠠᠷᠠᠭᠤᠨ ᠭᠠᠷᠤᠨ ᠳᠤᠮᠳᠠ ᠬᠤᠰᠢᠭᠤ ᠂ ᠴᠠᠬᠠᠷ ᠪᠠᠷᠠᠭᠤᠨ ᠬᠤᠶᠢᠲᠤ ᠬᠤᠰᠢᠭᠤ ᠶᠢ ᠪᠠᠶᠢᠭᠤᠯᠵᠡᠢ ᠃1958 ᠤᠨ ᠳᠤ ᠴᠠᠬᠠᠷ ᠠᠶᠢᠮᠠᠭ ᠢ ᠰᠢᠯᠢ ᠶᠢᠨ ᠭᠤᠤᠯ ᠠᠶᠢᠮᠠᠭ ᠲᠤ ᠪᠠᠭᠲᠠᠭᠠᠨ ᠂ ᠴᠠᠬᠠᠷ ᠪᠠᠷᠠᠭᠤᠨ ᠭᠠᠷᠤᠨ ᠳᠦᠷᠪᠡᠨ ᠬᠤᠰᠢᠭᠤ ᠶᠢ ᠤᠯᠠᠭᠠᠨᠴᠠᠪ ᠠᠶᠢᠮᠠᠭ ᠲᠤ ᠪᠠᠭᠲᠠᠭᠠᠵᠠᠢ ᠃