ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ︽ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠤᠮᠤ ᠬᠢᠴᠢᠶᠡᠯ ᠤᠨ ᠲᠠᠩᠬᠢᠮ︾ ᠤᠨ ᠲᠠᠶᠢᠯᠦᠮᠵᠢ ᠡᠷᠬᠢᠯᠡᠪᠠ

2016-12-09 / ᠬᠦᠬᠡᠬᠣᠲᠠ


12 ᠰᠠᠷ᠎ᠠ ᠶᠢᠨ 7 ᠤ ᠡᠳᠦᠷ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ︽ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠳᠣᠮᠣ ᠬᠢᠴᠢᠶᠡᠯ ᠤᠨ ᠳᠠᠩᠬᠢᠮ︾ ᠤᠨ ᠳᠠᠶᠢᠯᠣᠮᠵᠢ ᠡᠷᠬᠢᠯᠡᠵᠦ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠴᠦᠨ ᠬᠤᠢ ᠶᠢ ᠤᠷᠢᠵᠣ᠂ ︽ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠣᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠶᠢᠯᠪᠣᠷᠢᠯᠠᠬᠤ︾ ᠲᠤᠰᠬᠠᠢ ᠰᠡᠳᠦᠪᠳᠤ ᠲᠠᠶᠢᠯᠤᠮᠵᠢ ᠬᠢᠯᠭᠡᠪᠠ᠃ ᠯᠢ ᠴᠦᠨ ᠬᠤᠢ ᠫᠷᠤᠹᠧᠰᠰᠤᠷ ᠳᠠᠶᠢᠯᠣᠮᠵᠢ ᠳᠠᠭᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠣᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠶᠢᠯᠪᠣᠷᠢᠯᠠᠵᠣ᠂ ᠮᠠᠨ ᠤ ᠤᠷᠤᠨ ᠤ ᠤᠳᠤᠬᠠᠨ ᠳᠤ ᠲᠤᠯᠭᠠᠷᠠᠵᠦ ᠪᠠᠶᠢᠭ᠎ᠠ ᠪᠠᠶᠢᠳᠠᠯ ᠡᠭᠦᠷᠭᠡ ᠶᠢ ᠦᠭᠦᠯᠡᠨ ᠳᠣᠭᠠᠴᠢᠵᠣ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠡᠷᠭᠢᠨ ᠲᠤᠤᠱᠯᠠᠭᠤᠯᠵᠦ ᠨᠠᠶᠢᠳᠠᠪᠣᠷᠢᠵᠢᠭᠤᠯᠬᠤ ᠳᠣᠬᠠᠢ ᠦᠪᠡᠷᠮᠢᠴᠡ ᠦᠵᠡᠯᠳᠡ ᠪᠠᠨ ᠳᠣᠷᠠᠳᠪᠠ᠃ ᠬᠤᠷᠠᠯ ᠠᠴᠠ ᠱᠠᠭᠠᠷᠳᠠᠭᠰᠠᠠ ᠨᠢ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠭᠦ︾ ᠰᠤᠷᠤᠯᠴᠠᠯᠭ᠎ᠠ ᠬᠦᠮᠦᠵᠢᠯ ᠲᠠᠢ ᠤᠶᠠᠯᠳᠤᠭᠤᠯᠵᠦ᠂ ᠰᠡᠳᠭᠢᠯ ᠵᠢᠷᠦᠬᠡᠨ ᠳᠡᠭᠡᠨ ᠦᠨᠡᠨᠬᠦ ᠬᠠᠳᠠᠩᠰᠢᠭᠤᠯᠵᠣ᠂ ᠠᠵᠢᠯᠯᠠᠭ᠎ᠠ ᠳᠡᠭᠡᠷ᠎ᠡ ᠪᠠᠨ ᠦᠨᠡᠨᠭᠦ ᠢᠯᠡᠷᠡᠭᠦᠯᠵᠦ᠂ ᠠᠵᠢᠯ ᠢᠶᠠᠨ ᠨᠠᠷᠢᠯᠢᠭ ᠪᠦᠭᠡᠳ ᠪᠤᠳᠠᠳᠠᠢ ᠬᠢᠵᠦ᠂ ᠲᠠᠨᠢᠯᠳᠠ ᠪᠠᠨ ᠴᠢᠨᠠᠭᠰᠢᠳᠠ ᠲᠡᠭᠡᠭᠰᠢᠯᠡᠭᠦᠯᠵᠦ᠂ ᠬᠤᠶᠠᠷ ᠣᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠯ᠎ᠠ ᠵᠦᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠭᠦ ᠬᠡᠷᠡᠭᠳᠡᠢ ᠭᠡᠪᠠ᠃ ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ