ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭ᠍ᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠵᠢᠷᠭᠤᠳᠤᠭᠠᠷ ᠪᠦᠭᠦᠳᠡ ᠬᠤᠷᠠᠯ ᠪᠠ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠮᠡᠳᠡᠭᠦᠯᠦᠯᠳᠡ ᠶᠢᠨ ᠬᠤᠷᠠᠯ ᠬᠢᠪᠠ

2016-12-12 / ᠬᠦᠬᠡᠬᠣᠲᠠ


12 ᠰᠠᠷ᠎ᠠ ᠶᠢᠨ 7 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭ᠍ᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠮᠡᠳᠡᠭᠦᠯᠦᠯᠳᠡ ᠶᠢᠨ ᠬᠤᠷᠠᠯ ᠬᠢᠵᠦ᠂ ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ᠂ ᠦᠪᠤᠷ ᠮᠤᠩᠭᠤᠯ ᠤᠨ ᠵᠠᠰᠠᠬ ᠵᠠᠬᠢᠷᠭᠠᠨ ᠤ ᠲᠡᠭᠡᠳᠤ ᠰᠤᠷᠭᠠᠭᠤᠯᠢ ᠶᠢᠨ ᠲᠡᠳ᠋ ᠵᠠᠬᠢᠷᠤᠯ ᠯᠢ ᠱᠦ ᠯᠢᠨ ᠢ ᠤᠷᠢᠵᠦ ᠲᠠᠶᠢᠯᠤᠮᠵᠢ ᠮᠡᠳᠡᠭᠦᠯᠦᠯᠳᠡ ᠬᠢᠯᠭᠡᠪᠡ᠃ ᠬᠤᠷᠠᠯ ᠠᠴᠠ ᠵᠢᠭᠠᠵᠦ ᠭᠠᠷᠭᠠᠭᠰᠠᠨ ᠨᠢ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠮᠦᠨ ᠴᠢᠨᠠᠷ ᠢ ᠪᠦᠭᠦ ᠲᠠᠯ᠎ᠠ ᠪᠠᠷ ᠰᠤᠷᠤᠯᠴᠠᠨ ᠤᠢᠢᠯᠠᠭᠠᠬᠤ ᠲᠡᠭᠡᠷ᠎ᠡ ᠬᠦᠴᠦ ᠣᠷᠣᠭᠤᠯᠵᠣ᠂ ᠰᠢᠰᠲ᠋ᠧᠮ ᠲᠠᠢ ᠬᠦᠨᠵᠡᠭᠡᠢ ᠰᠤᠷᠤᠯᠴᠠᠬᠤ᠂ ᠪᠤᠳᠠᠳᠠᠢ ᠲᠠᠢ ᠪᠠᠨ ᠤᠶᠠᠯᠳᠤᠭᠤᠯᠵᠦ ᠰᠤᠷᠤᠯᠴᠠᠬᠤ ᠪᠠᠷ ᠲᠠᠮᠵᠢᠨ᠂ ᠤᠬᠢ ᠱᠦᠯᠳᠤ ᠤᠳᠬ᠎ᠠ ᠴᠢᠨᠠᠷ ᠢ ᠨᠢ ᠭᠦᠨᠵᠡᠭᠡᠢ ᠡᠵᠡᠮᠰᠢᠵᠦ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠶᠢᠷᠡᠭᠦᠯᠵᠦ᠂ ᠬᠤᠷᠠᠯ ᠤᠨ ᠵᠤᠷᠢᠭ ᠰᠠᠨᠠᠭ᠎ᠠ ᠶᠢ ᠰᠡᠳᠭᠢᠯ ᠵᠢᠷᠦᠭᠡᠨ ᠳᠡᠭᠡᠨ ᠬᠠᠳᠠᠩᠰᠢᠭᠤᠯᠵᠦ᠂ ᠬᠤᠶᠠᠷ ᠣᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠠᠵᠢᠯ ᠢᠶᠠᠨ ᠵᠢᠯᠤᠭᠤᠳᠤᠭᠤᠯᠬᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ ᠪᠤᠯᠭᠠᠬᠤ ᠬᠡᠷᠡᠭᠳᠡᠢ ᠭᠡᠪᠡ᠃ ᠬᠤᠷᠠᠯ ᠠᠴᠠ ᠱᠠᠭᠠᠷᠳᠠᠭᠰᠠᠨ ᠨᠢ᠂ ᠬᠤᠶᠠᠷ ᠣᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠣᠨ ᠨᠠᠶᠢᠳᠠᠪᠤᠷᠢᠵᠢᠭᠤᠯᠬᠤ ᠲᠡᠭᠡᠷ᠎ᠡ ᠬᠦᠴᠦ ᠣᠷᠣᠭᠤᠯᠵᠣ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠤᠷᠠᠳᠣᠭᠰᠠᠨ ᠰᠢᠨ᠎ᠠ ᠱᠠᠭᠠᠷᠳᠠᠯᠭ᠎ᠠ ᠲᠠᠢ ᠬᠠᠷᠢᠴᠠᠭᠤᠯᠵᠦ᠂ ᠯᠢ ᠵᠢᠢ ᠾᠸᠡᠭ ᠱᠦᠵᠢ ᠶᠢᠨ ︽ᠲᠦᠷᠪᠡᠨ ᠬᠡᠪ ᠲᠠᠭᠤᠷᠢᠶᠠᠯ︾ ᠤᠨ ᠱᠠᠭᠠᠷᠳᠠᠯᠭ᠎ᠠ ᠶᠤᠰᠤᠭᠠᠷ᠂ ᠲᠤᠤᠱᠯᠠᠭᠤᠯᠣᠨ ᠨᠠᠶᠢᠳᠠᠪᠤᠷᠢᠵᠢᠭᠤᠯᠬᠤ ᠭᠠᠷᠤᠭ᠎ᠠ ᠪᠠ ᠬᠦᠴᠦᠯᠡᠬᠦ ᠴᠡᠭ ᠢᠶᠠᠨ ᠤᠨᠤᠪᠴᠢᠳᠠᠢ ᠡᠷᠢᠵᠦ᠂ ᠪᠤᠳᠠᠳᠠᠢ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠵᠦ᠂ ᠠᠵᠢᠯ ᠤᠨ ᠦᠨᠳᠤᠰᠦ ᠬᠠᠳᠬᠤᠨ ᠦᠷ᠎ᠠ ᠪᠦᠲᠦᠮᠵᠢ ᠲᠠᠢ ᠪᠤᠯᠬᠤ ᠶᠢ ᠠᠬᠢᠭᠤᠯᠬᠤ ᠬᠡᠷᠡᠭᠳᠡᠢ ᠬᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠬ ᠦᠶ᠎ᠠ ᠶᠢ ᠲᠠᠭᠠᠨ ᠪᠦᠬᠦ ᠳᠠᠯ᠎ᠠ ᠪᠠᠷ ᠤᠷᠤᠭᠰᠢᠯᠠᠵᠦ ᠰᠢᠨ᠎ᠠ ᠶᠢ ᠡᠭᠦᠳᠦᠨ ᠬᠦᠭᠵᠢᠭᠦ ᠶᠢ ᠠᠬᠢᠭᠤᠯᠬᠤ ᠲᠡᠭᠡᠷ᠎ᠠ ᠬᠦᠴᠦ ᠣᠷᠣᠭᠤᠯᠵᠣ᠂ ᠬᠤᠶᠠᠷ ᠣᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠶᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠳᠠ ᠶᠢ ᠴᠢᠩᠭᠠᠳᠬᠠᠬᠤ ᠪᠢᠴᠢᠭ ᠮᠠᠲ᠋ᠧᠷᠢᠶᠠᠯ ᠤᠳ ᠤᠨ ᠵᠦᠷᠭ ᠰᠠᠨᠠᠭ᠎ᠠ ᠶᠢ ᠲᠤᠤᠱᠯᠠᠭᠤᠯᠣᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠭᠳᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠤᠳᠠᠳᠣ ᠦᠷ᠎ᠠ ᠪᠦᠲᠦᠮᠵᠢ ᠶᠢ ᠴᠢᠩᠭᠠᠳᠬᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠠ ᠶᠢ ᠡᠭᠦᠳᠦᠨ ᠬᠦᠭᠵᠢᠭᠦ ᠶᠢ ᠠᠬᠢᠭᠤᠯᠵᠦ᠂ ᠬᠠᠤᠯᠢᠵᠢᠯ ᠤᠨ ᠦᠪᠤᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠵᠦ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ ᠬᠡᠪᠡ᠃ ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ