ᠪᠦ᠋ ᠰᠢᠶᠤᠤ ᠯᠢᠨ 2016 ᠤᠨ ᠤ ᠳᠤᠮᠳᠠᠳᠤ ᠤᠯᠤᠰ ᠤᠨ ᠮᠦᠰᠦ ᠴᠠᠰᠤᠨ ᠤ ᠨᠠᠶᠢᠷ ᠵᠢᠴᠢ ᠪᠠᠷᠭᠤ ᠶᠢᠨ ᠲᠠᠯ᠎ᠠ ᠨᠤᠳᠤᠭ ᠤᠨ ᠭᠠᠯ ᠲᠠᠬᠢᠬᠤ ᠰᠤᠶᠤᠯ ᠤᠨ ᠨᠠᠶᠢᠷ ᠡᠬᠢᠯᠡᠭᠰᠡᠨ ᠢ ᠵᠠᠷᠯᠠᠪᠠ

2016-12-25 / ᠬᠦᠬᠡᠬᠣᠲᠠ


12 ᠰᠠᠷ᠎ᠠ ᠶᠢᠨ 23 ᠤ ᠡᠳᠦᠷ᠂ ᠪᠦᠬᠦ ᠤᠯᠤᠰ ᠤᠨ ᠡᠯ᠎ᠠ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠳᠠᠳᠠᠭᠰᠠᠨ 2016 ᠤᠨ ᠤ ᠳᠤᠮᠳᠠᠳᠤ ᠤᠯᠤᠰ ᠤᠨ ᠮᠦᠰᠦ ᠴᠠᠰᠤᠨ ᠤ ᠨᠠᠶᠢᠷ ᠵᠢᠴᠢ ᠪᠠᠷᠭᠤ ᠶᠢᠨ ᠲᠠᠯ᠎ᠠ ᠨᠤᠳᠤᠭ ᠤᠨ ᠭᠠᠯ ᠲᠠᠬᠢᠬᠤ ᠰᠤᠶᠤᠯ ᠤᠨ ᠨᠠᠶᠢᠷ ᠬᠦᠯᠦᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠬᠦᠬᠡᠨᠠᠭᠤᠷ ᠵᠤᠭᠠᠴᠠᠯ ᠤᠨ ᠦᠵᠡᠮᠵᠢ ᠶᠢᠨ ᠤᠷᠤᠨ ᠳᠤ ᠨᠢᠵᠢᠬᠢᠷ ᠰᠠᠶᠢᠬᠠᠨ ᠡᠬᠢᠯᠡᠵᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ 2016 ᠤᠨ ᠤ ᠳᠤᠮᠳᠠᠳᠤ ᠤᠯᠤᠰ ᠤᠨ ᠮᠦᠰᠦ ᠴᠠᠰᠤᠨ ᠤ ᠨᠠᠶᠢᠷ ᠵᠢᠴᠢ ᠪᠠᠷᠭᠤ ᠶᠢᠨ ᠲᠠᠯ᠎ᠠ ᠨᠤᠳᠤᠭ ᠤᠨ ᠭᠠᠯ ᠲᠠᠬᠢᠬᠤ ᠰᠤᠶᠤᠯ ᠤᠨ ᠨᠠᠶᠢᠷ ᠡᠬᠢᠯᠡᠭᠰᠡᠨ ᠢ ᠵᠠᠷᠯᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠤᠨᠲ ᠤᠨ ᠭᠡᠯᠳᠡᠰ ᠤᠨ ᠳᠠᠷᠤᠭ᠎ᠠ ᠸᠠᠩ ᠯᠢ ᠰᠢᠶᠠ ᠡᠬᠢᠯᠡᠯᠳᠠ ᠶᠢᠨ ᠠᠵᠢᠯᠯᠠᠭ᠎ᠠ ᠳᠤ ᠤᠷᠤᠯᠴᠠᠪᠠ᠃ ᠦᠷᠭᠡᠨ ᠠᠭᠤᠳᠠᠮ ᠪᠠᠷᠭᠤ ᠨᠤᠳᠤᠭ ᠢ ᠮᠦᠩᠬᠦᠨ ᠴᠠᠭᠠᠨ ᠴᠠᠰᠤ ᠬᠤᠴᠢᠵᠦ᠂ ᠦᠨᠳᠦᠰᠦᠳᠡᠨ ᠨᠦ᠋ᠭᠦᠳ ᠤᠨ ᠤᠯᠠᠨ ᠲᠦᠮᠡᠨ ᠪᠠᠶᠠᠷ ᠤᠨ ᠡᠳᠦᠷ ᠤᠨ ᠬᠤᠪᠴᠠᠰᠦ ᠵᠠᠰᠠᠯ ᠢᠶᠠᠨ ᠡᠮᠦᠰᠴᠦ᠂ ᠳᠠᠭᠤᠯᠠᠨ ᠪᠦᠵᠢᠭᠯᠡᠵᠦ᠂ ᠲᠦᠷᠪᠡᠨ ᠵᠦᠭ ᠨᠠᠢᠮᠠᠨ ᠵᠤᠪᠬᠢᠰ ᠤᠨ ᠵᠤᠴᠢᠳ ᠢ ᠤᠭᠳᠤᠵᠦ᠂ ᠦᠪᠡᠳᠡᠭᠰᠢ ᠨᠠᠶᠢᠷ ᠢ ᠬᠠᠮᠳᠤᠪᠡᠷ ᠪᠠᠶᠠᠷᠯᠡᠨ ᠪᠡᠯᠭᠡᠯᠡᠵᠡᠢ᠃ ᠦᠳᠡ ᠶᠢᠨ ᠡᠮᠦᠨᠡᠬᠢ 10 ᠴᠠᠭ ᠲᠤ᠂ 2016 ᠤᠨ ᠤ ᠳᠤᠮᠳᠠᠳᠤ ᠤᠯᠤᠰ ᠤᠨ ᠮᠦᠰᠦ ᠴᠠᠰᠤᠨ ᠤ ᠨᠠᠶᠢᠷ ᠵᠢᠴᠢ ᠪᠠᠷᠭᠤ ᠶᠢᠨ ᠲᠠᠯ᠎ᠠ ᠨᠤᠳᠤᠭ ᠤᠨ ᠭᠠᠯ ᠲᠠᠬᠢᠬᠤ ᠰᠤᠶᠤᠯ ᠤᠨ ᠨᠠᠶᠢᠷ ᠨᠢᠵᠢᠭᠢᠷ ᠰᠠᠶᠢᠬᠠᠨ ᠡᠬᠢᠯᠡᠪᠡ᠃ ᠡᠬᠢᠯᠡᠯᠳᠠ ᠶᠢᠨ ᠶᠤᠰᠤᠯᠠᠯ ᠳᠡᠭᠡᠷ᠎ᠠ᠂ ᠮᠠᠯᠴᠢᠨ ᠲᠦᠮᠡᠨ ᠪᠠ ᠤᠯᠠᠭᠠᠨᠮᠦ᠍ᠴᠢᠷ ᠤᠨ ᠲᠤᠭᠯᠠᠭᠴᠢᠳ ᠭᠤᠶᠢᠳᠠ ᠰᠠᠶᠢᠬᠠᠨ ᠲᠠᠭᠤᠤ ᠪᠦᠵᠢᠭ ᠤᠨ ᠲᠤᠭᠯᠠᠯᠳᠠ ᠪᠠᠨ ᠡᠷᠬᠦᠵᠡᠢ᠃ ᠤᠯᠢᠮᠫᠢᠺ ᠤᠨ ᠳᠠᠮᠢᠷ ᠤᠨ ᠴᠤᠭᠯᠠᠭᠠᠨ ᠤ ᠮᠠᠩᠯᠠᠶᠢᠴᠤᠳ ᠤᠨ ᠵᠢᠭᠰᠠᠭᠠᠯ ᠤᠨ ᠡᠩᠨᠡᠭᠡ ᠨᠢ ᠳᠤᠰ ᠤᠳᠠᠭᠠᠨ ᠤ ᠮᠦᠰᠦ ᠴᠠᠰᠤᠨ ᠤ ᠨᠠᠶᠢᠷ ᠤᠨ ᠡᠬᠢᠯᠡᠯᠳᠡ ᠶᠢᠨ ᠶᠤᠰᠤᠯᠠᠯ ᠤᠨ ᠬᠢᠯᠡᠰ ᠴᠡᠭ ᠪᠤᠯᠵᠦ᠂ ᠳᠡᠳᠡᠨ ᠤ ᠤᠷᠤᠯᠳᠤᠭᠠᠨ ᠤ ᠳᠠᠯᠠᠪᠤᠷ ᠲᠠᠬᠢ ᠭᠠᠷᠮᠠᠭᠠᠢ ᠢᠯᠡᠷᠡᠯ ᠨᠢ ᠤᠯᠢᠮᠫᠢᠺ ᠤᠨ ᠵᠤᠷᠢᠬ ᠰᠠᠨᠠᠭ᠎ᠠ ᠪᠤᠯᠤᠨ ᠳᠤᠮᠳᠠᠳᠤ ᠶᠢᠨ ᠳᠠᠮᠢᠷ ᠤᠨ ᠵᠤᠷᠢᠬ ᠰᠠᠨᠠᠭ᠎ᠠ ᠶᠢ ᠠᠮᠢᠳᠤᠯᠢᠬ ᠢᠶᠠᠷ ᠢᠯᠡᠷᠡᠬᠦᠯᠵᠦ᠂ ᠴᠠᠰᠤ ᠮᠦᠰᠦᠨ ᠳᠤ ᠬᠤᠴᠢᠭᠳᠠᠭᠰᠠᠨ ᠬᠦᠯᠦᠨ ᠪᠤᠶᠢᠷ ᠲᠤ ᠰᠠᠶᠢᠨ ᠰᠠᠶᠢᠬᠠᠨ ᠬᠦᠰᠡᠯ ᠵᠦᠩᠨᠡᠯ ᠢᠶᠠᠨ ᠳᠡᠪᠰᠢᠬᠦᠯᠵᠦ᠂ ᠳᠤᠰ ᠬᠤᠭᠤᠴᠠᠭᠠᠨ ᠤ ᠮᠦᠰᠦ ᠴᠠᠰᠤᠨ ᠤ ᠨᠠᠶᠢᠷ ᠲᠤ ᠦᠩᠬᠡ ᠬᠡᠷᠡᠯ ᠨᠡᠮᠡᠷᠢᠯᠡᠪᠡ᠃ ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠬᠦᠴᠦᠳᠤ ᠪᠦᠬᠡ ᠶᠢᠨ ᠪᠠᠷᠢᠯᠳᠤᠭᠠᠨ᠂ ᠨᠤᠮᠤ ᠰᠤᠮᠤ ᠬᠠᠷᠪᠤᠯᠳᠠ᠂ ᠬᠤᠷᠳᠤᠨ ᠮᠤᠷᠢᠨ ᠤ ᠤᠷᠤᠯᠳᠤᠭᠠᠨ ᠵᠡᠷᠬᠡ ᠭᠤᠶᠤ ᠰᠠᠶᠢᠬᠠᠨ ᠳᠠᠮᠢᠷ ᠤᠨ ᠤᠷᠤᠯᠳᠤᠭᠠᠨ ᠶᠠᠪᠤᠭᠳᠠᠪᠠ᠃ ︽ᠨᠠᠭᠠᠳᠤᠮ︾ ᠪᠤᠯ ᠮᠤᠩᠭᠤᠯ ᠦᠨᠳᠦᠰᠦᠳᠡᠨ ᠤ ᠤᠷᠳᠤ ᠬᠤᠭᠤᠴᠠᠭᠠᠨ ᠤ ᠨᠡᠬᠦᠳᠡᠯ ᠮᠠᠯᠵᠢᠯ ᠤᠨ ᠠᠮᠢᠳᠤᠷᠠᠯ ᠢᠶᠠᠷ ᠡᠬᠦᠳᠦᠭᠳᠡᠵᠦ ᠤᠯᠠᠮᠵᠢᠯᠠᠭᠳᠠᠭᠰᠠᠭᠠᠷ ᠢᠷᠡᠭᠰᠡᠨ ᠦᠪᠡᠷᠮᠢᠴᠡ ᠤᠨᠴᠠᠯᠢᠬ ᠪᠦᠬᠦᠢ ᠦᠨᠳᠦᠰᠦᠳᠡᠨ ᠤ ᠤᠨᠴᠠᠯᠢᠬ ᠲᠠᠢ ᠤᠷᠤᠯᠳᠤᠭᠠᠨ ᠮᠦᠷᠦ᠍ᠢᠴᠡᠬᠡᠨ ᠤ ᠳᠦᠷᠦᠯ ᠵᠦᠢᠯ ᠪᠡ ᠨᠡᠬᠦᠳᠡᠯᠯᠡᠬᠦ ᠤᠷ᠎ᠠ ᠮᠡᠷᠬᠡᠵᠢᠯ᠂ ᠪᠠᠶ᠎ᠠ ᠶᠢᠨ ᠳᠠᠮᠢᠷ ᠤᠨ ᠳᠦᠷᠦᠯ ᠵᠦᠢᠯ ᠪᠤᠯᠬᠤ ᠶᠤᠮ ᠂ ᠳᠡᠬᠦᠨ ᠳᠤ ᠦᠪᠡᠷ ᠤᠨ ᠢᠯᠡ ᠳᠤᠳᠤᠷᠬᠠᠢ ᠦᠨᠳᠦᠰᠦᠳᠡᠨ ᠤ ᠤᠨᠴᠠᠯᠢᠬ ᠪᠤᠯᠤᠨ ᠬᠦᠨ ᠵᠤᠵᠠᠭᠠᠨ ᠤᠷᠤᠨ ᠨᠤᠳᠤᠬ ᠤᠨ ᠤᠨᠴᠠᠯᠢᠬ ᠪᠤᠢ᠃ ᠤᠢᠢᠷ᠎ᠠ ᠶᠢᠨ ᠵᠢᠯ ᠠᠴᠠ ᠡᠪᠤᠯ ᠤᠨ ᠤᠯᠠᠷᠢᠯ ᠤᠨ ᠵᠤᠭᠠᠴᠠᠯ ᠬᠠᠯᠠᠭᠤᠷᠠᠬᠤ ᠶᠢ ᠳᠠᠭᠠᠯᠳᠤᠭᠠᠳ᠂ ᠮᠦᠰᠦ ᠴᠠᠰᠤᠨ ᠤ ᠨᠠᠶᠢᠷ ᠨᠢ ᠨᠢᠬᠡᠨᠳᠡ ᠬᠦᠯᠦᠨ ᠪᠤᠶᠢᠷ ᠲᠤ ᠢᠷᠡᠵᠦ ᠵᠤᠭᠠᠴᠠᠬᠤ ᠦᠷᠬᠡᠨ ᠤᠯᠠᠨ ᠵᠤᠭᠠᠴᠠᠭᠰᠠᠳ ᠤᠨ ᠳᠡᠷᠢᠬᠦᠨ ᠰᠤᠩᠭᠤᠯᠳᠠ ᠪᠤᠯᠵᠦ ᠪᠤᠢ᠃ ᠤᠢᠢᠷ᠎ᠠ ᠶᠢᠨ ᠵᠢᠯ ᠤᠳ ᠲᠤ᠂ ᠬᠦᠯᠦᠨ ᠪᠤᠶᠢᠷ ᠬᠤᠳᠠ ᠤᠷᠤᠨ ᠨᠤᠳᠤᠬ ᠤᠨ ᠢᠶᠠᠨ ᠤᠨᠴᠠᠯᠢᠬ ᠢ ᠪᠠᠳᠤ ᠡᠵᠡᠮᠰᠢᠵᠦ᠂ ᠡᠯᠪᠡᠭ ᠪᠠᠶᠠᠯᠢᠬ ᠰᠤᠶᠤᠯ ᠵᠤᠭᠠᠴᠠᠯ ᠤᠨ ᠡᠬᠢ ᠪᠠᠶᠠᠯᠢᠬ ᠲᠠᠭᠠᠨ ᠳᠦᠰᠢᠭᠯᠡᠨ᠂ ︽ᠪᠦᠬᠦ ᠬᠦᠷᠢᠶ᠎ᠠ ᠴᠠᠷᠠᠭ᠎ᠠ᠂ ᠳᠦᠷᠪᠡᠨ ᠤᠯᠠᠷᠢᠯ ᠤᠨ ᠵᠤᠭᠠᠴᠠᠯ︾ ᠢ ᠶᠡᠬᠡᠪᠡᠷ ᠬᠦᠭᠵᠢᠬᠦᠯᠵᠦ᠂ ᠦᠵᠦ ᠵᠤᠭᠠᠴᠠᠯ ᠤᠨ ᠬᠠᠷᠠᠯᠳᠠ ᠶᠢᠨ ᠤᠷᠤᠨ ᠪᠤᠯᠤᠨ ᠰᠤᠶᠤᠯ ᠵᠤᠭᠠᠴᠠᠯ ᠤᠨ ᠬᠦᠴᠦᠷᠬᠡᠭ ᠬᠤᠳᠠ ᠶᠢ ᠴᠤᠭᠴᠠᠯᠠᠨ ᠪᠠᠶᠢᠭᠤᠯᠬᠤ ᠪᠠᠷ ᠬᠦᠴᠦᠯᠡᠨ ᠳᠡᠮᠡᠴᠡᠵᠦ᠂ ᠡᠯ᠎ᠠ ᠳᠦᠷᠦᠯ ᠤᠨ ᠦᠨᠳᠦᠰᠦᠳᠡᠨ ᠤ ᠤᠯᠠᠮᠵᠢᠯᠠᠯᠳᠤ ᠪᠠᠶᠠᠷ ᠨᠠᠭᠠᠳᠤᠮ ᠤᠨ ᠠᠵᠢᠯᠯᠠᠭ᠎ᠠ ᠶᠢ ᠡᠷᠬᠢᠯᠡᠬᠦ ᠪᠠᠷ ᠠᠴᠢᠶᠠᠯᠠᠪᠤᠷᠢ ᠪᠤᠯᠭᠠᠵᠦ᠂ ᠬᠦᠯᠦᠨ ᠪᠤᠶᠢᠷ ᠤᠨ ᠤᠨᠴᠠᠯᠢᠬ ᠲᠠᠢ ᠨᠢᠬᠡ ᠪᠦᠯᠦᠭ ᠰᠤᠶᠤᠯ ᠵᠤᠭᠠᠴᠠᠯ ᠤᠨ ᠪᠦᠳᠦᠬᠡᠭᠳᠡᠬᠦᠨ ᠢ ᠡᠬᠦᠳᠴᠦ ᠭᠠᠷᠭᠠᠵᠠᠢ᠃