ᠥᠨᠡᠨᠬᠦ ᠠᠳᠬᠤᠨ ᠪᠣᠳᠠᠲᠠᠢ ᠠᠵᠢᠯᠯᠠᠵᠤ ᠪᠡᠷᠬᠡ ᠶᠢ ᠳᠠᠪᠠᠨ ᠪᠣᠭᠤᠮᠳᠠ ᠰᠢᠪᠲᠤᠯᠵᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ

2016-12-25 / ᠬᠦᠬᠡᠬᠣᠲᠠ


12 ᠰᠠᠷ᠎ᠠ ᠶᠢᠨ 23 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢ ᠵᠢᠶᠠ ᠪᠦᠬᠦ ᠤᠷᠤᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠳᠦᠷᠪᠡᠨ ᠳᠦᠷᠦᠯ ᠤᠨ ᠦᠬᠡᠷᠡᠴᠢᠯᠡᠯᠳᠡ ᠶᠢᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠳᠦᠪᠯᠡᠷᠡᠬᠦᠯᠦᠨ᠂ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠵᠦ᠂ ᠦᠬᠡᠷᠡᠴᠢᠯᠡᠯᠳᠡ ᠶᠢ ᠠᠬᠢᠭᠤᠯᠬᠤ ᠶᠠᠪᠤᠴᠠ ᠳᠤ ᠤᠷᠤᠰᠢᠵᠦ ᠪᠠᠶᠢᠭ᠎ᠠ ᠠᠰᠠᠭᠤᠳᠠᠯ ᠤᠳ ᠢ ᠨᠢᠬᠡᠳ ᠨᠢᠬᠡ ᠪᠠᠷ ᠰᠤᠳᠤᠯᠵᠦ᠂ ᠨᠢᠬᠡᠳ ᠨᠢᠬᠡ ᠪᠠᠷ ᠰᠢᠢᠳᠪᠤᠷᠢᠯᠡᠵᠦ᠂ ᠨᠢᠬᠡᠳ ᠨᠢᠬᠡ ᠪᠠᠷ ᠨᠠᠶᠢᠳᠠᠪᠤᠷᠢᠵᠢᠭᠤᠯᠪᠠ᠃ ᠯᠢ ᠵᠢᠶᠠ ᠵᠢᠭᠠᠵᠦ ᠭᠠᠷᠭᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠠᠯ᠎ᠠ ᠪᠠᠷ ᠤᠯᠠᠨ ᠤᠳᠠᠭ᠎ᠠ ᠴᠢᠬᠤᠯᠠ ᠳᠤᠭᠠᠴᠢᠯᠳᠠ ᠬᠢᠵᠦ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠳᠤ ᠳᠤᠳᠤᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠰᠠᠶᠢᠳᠤᠷ ᠠᠳᠬᠤᠬᠤ ᠳᠤ ᠴᠢᠭᠯᠡᠯ ᠢ ᠵᠢᠭᠠᠵᠦ᠂ ᠵᠢᠷᠤᠮᠯᠠᠯ ᠤᠯᠭᠤᠪᠠ᠃ ᠪᠦᠬᠦ ᠤᠷᠤᠨ ᠤ ᠡᠯ᠎ᠠ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠳᠦᠷᠦ ᠶᠢ ᠵᠠᠰᠠᠵᠦ ᠵᠠᠰᠠᠬ ᠢ ᠡᠷᠬᠢᠯᠡᠬᠦ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠡᠷᠡᠰ ᠳᠤᠤᠱᠯᠠᠭᠤᠯᠤᠨ ᠬᠡᠷᠡᠭᠵᠢᠬᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠳᠤ ᠬᠢᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ︽ᠳᠦᠷᠪᠡᠨ ᠤᠬᠠᠮᠰᠠᠷ︾ ᠢᠯᠠᠩᠭᠤᠶ᠎ᠠ ᠭᠤᠤᠯᠯᠠᠬᠤ ᠤᠬᠠᠮᠰᠠᠷ᠂ ᠨᠢᠬᠡᠳᠦᠯᠳᠡᠢ ᠪᠠᠶᠢᠬᠤ ᠤᠬᠠᠮᠰᠠᠷ ᠢ ᠪᠠᠳᠤ ᠪᠤᠢ ᠪᠤᠯᠭᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠯᠤᠭ᠎ᠠ ᠳᠡᠬᠡᠳᠦ ᠬᠡᠮᠵᠢᠶᠡᠨ ᠤ ᠨᠢᠬᠡᠳᠦᠯᠳᠠᠢ ᠪᠠᠶᠢᠬᠤ ᠶᠢ ᠨᠡᠩ ᠤᠬᠠᠮᠰᠠᠷ ᠠᠴᠠ ᠪᠠᠨ ᠬᠦᠢᠴᠡᠳᠬᠡᠵᠦ᠂ ︽ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠶᠠᠪᠤᠳᠠᠯ ᠪᠦᠬᠦᠨ ᠪᠦᠷ ᠡᠷᠬᠡ ᠳᠡᠭᠰᠢ ᠳᠦᠪ ᠭᠤᠤᠯᠴᠢ ᠪᠠᠶᠢᠬᠤ ᠶᠢ ᠴᠢᠷᠮᠠᠶᠢᠨ ᠮᠡᠳᠡᠷᠡᠬᠦᠯᠬᠦ︾ ᠱᠠᠭᠠᠷᠳᠠᠯᠭ᠎ᠠ ᠶᠢ ᠦᠨᠡᠨ ᠪᠤᠳᠠᠳᠠᠢ ᠨᠠᠶᠢᠳᠠᠪᠤᠷᠢᠵᠢᠭᠤᠯᠬᠤ ᠶᠢ ᠴᠢᠷᠮᠠᠶᠢᠨ ᠬᠦᠢᠴᠡᠳᠬᠡᠬᠦ ᠬᠡᠷᠡᠭᠳᠡᠢ ᠬᠡᠯ᠎ᠠ᠃ ᠯᠢ ᠵᠢᠶᠠ ᠱᠠᠭᠠᠷᠳᠠᠬᠤ ᠳᠠᠭᠠᠨ᠂ ᠡᠷᠬᠡᠪᠰᠢ ᠦᠪᠡᠷᠳᠡᠬᠡᠨ ᠵᠠᠰᠠᠬᠤ ᠤᠷᠤᠨ ᠤ ᠪᠤᠳᠠᠳᠤ ᠪᠠᠶᠢᠳᠠᠯ ᠯᠤᠭ᠎ᠠ ᠨᠢᠭᠳᠠ ᠤᠶᠠᠯᠳᠤᠭᠤᠯᠵᠦ᠂ ᠦᠪᠡᠷᠳᠡᠬᠡᠨ ᠵᠠᠰᠠᠬᠤ ᠤᠷᠤᠨ ᠤ ᠠᠵᠢᠯ ᠤᠨ ᠶᠡᠭᠡ ᠳᠠᠯ᠎ᠠ ᠶᠢᠨ ᠳᠤᠭᠤᠷᠢᠨ ᠳᠤ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠬᠢᠭᠤᠯᠬᠤ ᠬᠡᠷᠡᠭᠳᠡᠢ᠃ ᠡᠷᠬᠡᠪᠰᠢ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠪᠤᠯᠤᠨ ᠯᠢ ᠵᠢᠢ ᠡᡁᠧᠩ ᠨᠦᠬᠦᠷ ᠤᠨ ᠬᠠᠮᠢᠶ᠎ᠠ ᠪᠦᠬᠦᠢ ᠴᠢᠬᠤᠯᠠ ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠵᠦ᠂ ᠭᠤᠤᠯᠳᠠᠯᠭ᠎ᠠ ᠲᠠᠢ ᠦᠬᠡᠷᠡᠴᠢᠯᠡᠯᠳᠡ ᠶᠢᠨ ᠡᠬᠦᠷᠬᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠨᠢᠬᠡᠨᠳᠡ ᠳᠤᠭᠳᠠᠭᠠᠭᠰᠠᠨ ᠦᠬᠡᠷᠡᠴᠢᠯᠡᠯᠳᠡ ᠶᠢᠨ ᠳᠦᠷᠦ ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠬᠤ ᠶᠢ ᠳᠦᠷᠬᠡᠳᠬᠡᠵᠦ᠂ ᠦᠬᠡᠷᠡᠴᠢᠯᠡᠯᠳᠡ ᠶᠢᠨ ᠢᠵᠢ ᠪᠦᠷᠢᠳᠦᠬᠦᠯᠬᠦ ᠳᠤᠭᠳᠠᠴᠠ ᠶᠢ ᠪᠦᠷᠢᠨᠰᠢᠬᠦᠯᠦᠨ ᠰᠠᠶᠢᠵᠢᠷᠠᠭᠤᠯᠬᠤ ᠶᠢ ᠠᠬᠢᠭᠤᠯᠵᠦ᠂ ᠪᠦᠬᠦᠯᠢ ᠴᠤᠭᠴᠠ ᠶᠢᠨ ᠦᠷ᠎ᠠ ᠠᠰᠢᠬ ᠢ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠦᠷᠬᠡᠨ ᠤᠯᠠᠨ ᠬᠠᠤᠯᠢ ᠴᠠᠭᠠᠵᠠ ᠶᠢᠨ ᠠᠵᠢᠯᠳᠠᠨ ᠢ ᠬᠠᠯᠠᠮᠵᠢᠯᠠᠨ ᠬᠠᠶᠢᠷᠠᠯᠠᠵᠦ᠂ ᠪᠤᠳᠠᠳᠠᠢ ᠬᠦᠴᠢᠷᠳᠡᠯ ᠪᠤᠯᠤᠨ ᠠᠰᠠᠭᠤᠳᠠᠯ ᠤᠳ ᠢ ᠨᠢ ᠰᠠᠶᠢᠳᠤᠷ ᠰᠢᠢᠳᠪᠤᠷᠢᠯᠡᠨ ᠦᠭᠴᠦ᠂ ᠦᠬᠡᠷᠡᠴᠢᠯᠡᠯᠳᠡ ᠶᠢᠨ ᠦᠨᠡᠨᠬᠦ ᠦᠷ᠎ᠠ ᠪᠦᠳᠦᠮᠵᠢ ᠤᠯᠵᠦ᠂ ᠦᠷ᠎ᠠ ᠠᠰᠢᠬ ᠲᠠᠢ ᠪᠤᠯᠬᠤ ᠶᠢ ᠪᠠᠳᠤᠯᠠᠬᠤ ᠬᠡᠷᠡᠭᠳᠡᠢ ᠬᠡᠪᠡ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠠᠨ ᠤ ᠳᠠᠷᠤᠭ᠎ᠠ ᠬᠤ᠋ ᠢ ᠹᠧᠩ ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠮᠠ ᠶᠦᠩ ᠱᠧᠩ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃