ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨ᠎ᠡ ᠡᠭᠦᠳᠬᠦ ᠬᠡᠯᠪᠡᠷᠢ ᠶᠢᠨ ᠦᠪᠦᠷ ᠮᠤᠩᠭᠤᠯ ᠳᠤ ᠬᠦᠴᠦᠨ ᠨᠡᠮᠡᠷᠢᠯᠡᠨ᠎ᠡ

2016-12-29 / ᠬᠦᠬᠡᠬᠣᠲᠠ


12 ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠯᠤᠳᠤᠭᠠᠷ ᠬᠤᠭᠤᠴᠠᠭᠠᠨ ᠤ ᠳᠠᠪᠤᠳᠤᠭᠠᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠠᠴᠠ ᠤᠢᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ︽ᠰᠢᠨ᠎ᠡ ᠶᠢ ᠡᠭᠦᠳᠦᠨ ᠲᠡᠷᠢᠬᠦᠨ ᠳᠤ ᠨᠢ ᠶᠠᠪᠤᠬᠤ ᠠᠵᠢᠯᠯᠠᠭ᠎ᠠ︾ ᠶᠢ ᠶᠡᠭᠡ ᠬᠦᠴᠦᠨ ᠢᠶᠠᠷ ᠶᠠᠪᠤᠭᠳᠠᠭᠤᠯᠵᠤ᠂ ᠦᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠳ ᠲᠠᠢ ᠪᠦᠯᠬᠦᠮᠳᠡᠵᠤ᠂ ᠤᠯᠠᠨ ᠢ ᠳᠠᠭᠠᠭᠤᠯᠤᠨ ᠰᠢᠨ᠎ᠡ ᠶᠢ ᠡᠭᠦᠳᠦᠨ ᠲᠡᠷᠢᠭᠦᠨ ᠳᠤ ᠨᠢ ᠶᠠᠪᠤᠵᠤ᠂ ᠰᠢᠨ᠎ᠡ ᠶᠢ ᠡᠭᠦᠳᠬᠦ ᠬᠡᠯᠪᠡᠷᠢ ᠶᠢᠨ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠳᠠ ᠳᠤ ᠬᠦᠴᠦᠨ ᠨᠡᠮᠡᠷᠢᠯᠡᠵᠤ ᠪᠠᠶᠢᠨ᠎ᠠ᠃ ᠬᠤᠷᠠᠯ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠤᠱᠯᠠᠭᠤᠯᠵᠤ᠂ ᠪᠠᠰᠠ ︽ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠰᠲ᠋ᠧᠮ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠲᠤᠬᠠᠢ ᠬᠡᠷᠡᠭᠵᠢᠭᠦᠯᠬᠦ ᠲᠦᠰᠦᠯ︾ ᠢ ᠲᠠᠶᠢᠯᠪᠤᠷᠢᠯᠠᠨ ᠰᠤᠳᠤᠯᠵᠤ᠂ ᠰᠦᠨ ᠵᠢᠶᠦ᠍ᠨ ᠴᠢᠩ ᠢ ᠰᠢᠨ᠎ᠡ ᠨᠢᠬᠡ ᠬᠤᠭᠤᠴᠠᠭᠠᠨ ᠤ ᠲᠡᠷᠢᠭᠦᠯᠡᠭᠴᠢ ᠪᠠᠷ ᠰᠤᠩᠭᠤᠨ ᠭᠠᠷᠭᠠᠵᠤ᠂ ᠪᠦᠬᠦ ᠬᠡᠰᠢᠭᠦᠳ ᠤᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠤᠷᠠᠳᠤᠨ ᠭᠠᠷᠭᠠᠭᠰᠠᠨ ᠲᠤᠯᠤᠭᠠᠨ ᠶᠡᠭᠡ ᠬᠠᠷᠠᠯᠳᠠ ᠪᠤᠯᠤᠨ ︽ ᠳᠠᠪᠤᠨ︾ ᠲᠠᠯ᠎ᠠ ᠶᠢ ᠵᠤᠬᠢᠴᠠᠭᠤᠯᠤᠨ ᠠᠬᠢᠭᠤᠯᠬᠤ ᠱᠠᠭᠠᠷᠳᠠᠯᠭ᠎ᠠ ᠶᠤᠰᠤᠭᠠᠷ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠪᠤᠯᠭᠠᠵᠤ᠂ ᠮᠡᠳᠡᠭᠡ ᠵᠠᠩᠬᠢᠵᠢᠯᠳᠠ ᠶᠢᠨ ᠪᠦᠲᠦᠭᠡᠨ ᠪᠠᠶᠢᠭᠤᠯᠤᠯᠳᠠ ᠪᠠᠷ ᠬᠦᠳᠡᠯᠭᠡᠭᠦᠷ ᠪᠤᠯᠭᠠᠵᠤ᠂ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠦᠭᠡᠷᠡᠴᠢᠯᠡᠨ ᠳᠡᠭᠦᠯᠳᠡᠷᠵᠢᠭᠦᠯᠵᠤ᠂ ᠵᠤᠬᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠤ᠂ ᠨᠡᠶᠢᠭᠡᠮᠯᠢᠭ ᠤᠨ ᠵᠠᠰᠠᠯᠳᠠ ᠶᠢᠨ ᠠᠷᠭ᠎ᠠ ᠬᠡᠯᠪᠡᠷᠢ ᠪᠠᠨ ᠳᠡᠭᠦᠯᠳᠡᠷᠵᠢᠭᠦᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠳᠡ ᠶᠢᠨ ᠠᠵᠢᠯ ᠤᠨ ᠲᠤᠭᠳᠠᠯᠴᠠᠭ᠎ᠠ ᠶᠢᠨ ᠰᠢᠨ᠎ᠡ ᠶᠢ ᠡᠭᠦᠳᠴᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠪᠤᠯᠤᠨ ᠬᠦᠳᠡᠯᠭᠡᠬᠦ ᠬᠦᠴᠦᠨ ᠢ ᠬᠦᠭᠵᠢᠭᠡᠵᠤ᠂ ︽ᠰᠢᠨ᠎ᠡ ᠶᠢ ᠡᠭᠦᠳᠦᠨ ᠲᠡᠷᠢᠬᠦᠨ ᠳᠤ ᠨᠢ ᠶᠠᠪᠤᠬᠤ ᠠᠵᠢᠯᠯᠠᠭ᠎ᠠ︾ ᠶᠢ ᠶᠡᠭᠡ ᠬᠦᠴᠤᠨ ᠢᠶᠠᠷ ᠬᠡᠷᠡᠭᠵᠢᠭᠦᠯᠦᠨ᠎ᠡ᠃ ᠬᠤᠷᠠᠯ ᠤᠨ ᠳᠠᠷᠠᠭ᠎ᠠ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠪᠦᠬᠦ ᠤᠷᠤᠨ ᠤ ᠮᠠᠯᠴᠢᠨ ᠳᠠᠷᠢᠶᠠᠴᠢᠨ ᠳᠤ ︽ᠳᠤᠮᠳᠠᠳᠤ ᠤᠯᠤᠰ ᠤᠨ ᠡᠷᠬᠡᠳᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠢᠷᠢᠰ ᠤᠩᠰᠢᠬᠤ ᠪᠢᠴᠢᠭ︾ ︽ᠰᠢᠨ᠎ᠡ ᠪᠠᠷ ᠨᠠᠶᠢᠷᠠᠭᠤᠯᠤᠭᠰᠠᠨ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠴᠤᠪᠤᠷᠠᠯ ᠪᠢᠴᠢᠭ︾ ᠢ 7000 ᠢᠵᠢ ᠬᠤᠪᠢᠶᠠᠨ ᠳᠠᠷᠬᠠᠭᠠᠬᠤ ᠪᠠᠷ ᠪᠠᠶᠢᠨ᠎ᠠ᠃