ᠵᠠᠩ ᠵᠢᠶᠠᠨ ᠮᠢᠨ ᠪᠦᠬᠦ ᠤᠷᠤᠨ ᠤ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ

2017-01-12 / ᠬᠦᠬᠡᠬᠣᠲᠠ


1 ᠰᠠᠷ᠎ᠠ ᠶᠢᠨ 8 ᠤ ᠡᠳᠤᠷ᠂ ᠪᠦᠬᠦ ᠤᠷᠤᠨ ᠤ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠲᠡᠭᠡᠷ᠎ᠡ ᠲᠦᠪ ᠤᠨ ᠠᠵᠥ ᠠᠬᠤᠢ ᠶᠢᠨ ᠠᠵᠢᠯ ᠤᠨ ᠬᠤᠷᠠᠯ᠂ ᠪᠦᠬᠦ ᠤᠯᠤᠰ ᠤᠨ ᠬᠦᠭᠵᠢᠬᠦᠯᠥᠯᠳᠡ ᠪᠤᠯᠤᠨ ᠦᠭᠡᠷᠡᠴᠢᠯᠡᠯᠳᠡ ᠶᠢᠨ ᠠᠵᠢᠯ ᠤᠨ ᠬᠤᠷᠠᠯ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠥ᠂ 2016 ᠤᠨ ᠤ ᠪᠦᠬᠦ ᠤᠷᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠠᠵᠢᠯ ᠢ ᠳ᠋ᠦᠩᠨᠡᠵᠥ᠂ 2017 ᠤᠨ ᠤ ᠭᠤᠤᠯᠳᠠᠯᠭ᠎ᠠ ᠲᠠᠢ ᠡᠬᠦᠷᠬᠡ ᠶᠢ ᠪᠠᠶᠢᠷᠢᠯᠠᠭᠤᠯᠪᠠ᠃

ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃

ᠵᠠᠩ ᠵᠢᠶᠠᠨ ᠮᠢᠨ᠂ 2016 ᠤᠨ ᠳᠤ᠂ ᠪᠦᠬᠦ ᠤᠷᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠰᠢᠰᠲ᠋ᠧᠮ ᠤᠨ ᠬᠢᠨ ᠠᠵᠥ ᠠᠬᠤᠢ ᠶᠢᠨ ᠪᠠᠶᠢᠳᠠᠯ ᠤᠨ ᠵᠠᠳᠠᠯᠤᠯᠳᠡ ᠲᠤᠬᠢᠷᠠᠭᠤᠯᠤᠯᠳᠠ ᠪᠠᠨ ᠴᠢᠩᠭᠠᠳᠬᠠᠵᠥ᠂ ᠪᠡᠯᠡ ᠤᠷᠤᠭᠤᠯᠤᠯᠳᠠ ᠪᠤᠯᠤᠨ ᠲᠦᠷᠦᠯ ᠵᠦᠢᠯ ᠤᠨ ᠪᠠᠶᠢᠭᠤᠯᠤᠯᠳᠠ ᠶᠢ ᠬᠦᠴᠦᠯᠡᠨ ᠰᠠᠶᠢᠳᠤᠷ ᠠᠳᠬᠤᠵᠥ᠂ ᠤᠷᠤᠨ ᠪᠦᠰᠡ ᠶᠢᠨ ᠬᠦᠭᠵᠢᠯᠳᠡ ᠶᠢ ᠨᠢᠬᠡᠳᠤᠯᠳᠡᠢ ᠲᠦᠯᠥᠪᠵᠢᠬᠦᠯᠵᠥ᠂ ᠦᠭᠡᠷᠡᠴᠢᠯᠡᠯᠳᠡ ᠨᠡᠬᠡᠬᠡᠯᠳᠡ ᠶᠢ ᠪᠦᠬᠦ ᠬᠦᠴᠦ ᠪᠠᠷ ᠢᠶᠠᠨ ᠠᠬᠢᠭᠤᠯᠵᠥ᠂ ᠪᠦᠬᠦ ᠤᠷᠤᠨ ᠤ ᠠᠵᠥ ᠠᠬᠤᠢ ᠶᠡᠷᠤᠩᠬᠡᠢ ᠳᠡᠭᠡᠨ ᠲᠤᠭᠳᠠᠭᠤᠨ ᠪᠠᠶᠢᠬᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ᠂ ᠲᠤᠭᠳᠠᠭᠤᠨ ᠤ ᠲᠤᠮᠳᠡ ᠶᠠᠰᠤ ᠴᠢᠨᠠᠷ ᠢ ᠲᠡᠭᠡᠭᠰᠢᠯᠡᠬᠦᠯᠬᠦ ᠶᠢ ᠪᠡᠶᠡᠯᠡᠬᠦᠯᠬᠦ ᠳᠤ ᠶᠡᠬᠡᠬᠡᠨ ᠠᠵᠢᠯ ᠬᠢᠭᠰᠡᠡ ᠪᠠᠶᠢᠨ᠎ᠠ ᠬᠡᠵᠥ ᠵᠢᠭᠠᠵᠥ ᠭᠠᠷᠭᠠᠪᠠ᠃

ᠵᠠᠩ ᠵᠢᠶᠠᠨ ᠮᠢᠨ᠂ ᠰᠢᠨ᠎ᠡ ᠨᠢᠬᠡ ᠵᠢᠯ ᠳᠤ᠂ ᠡᠯ᠎ᠡ ᠱᠠᠳᠤᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠰᠠᠯᠠᠭ᠎ᠠ ᠮᠦᠴᠢᠷ ᠠᠵᠥ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠪᠦᠬᠦ ᠬᠦᠴᠦ ᠪᠠᠷ ᠢᠶᠠᠨ ᠠᠬᠢᠭᠤᠯᠵᠥ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠢ ᠠᠬᠢᠭᠤᠯᠵᠥ᠂ ᠠᠷᠭ᠎ᠠ ᠪᠦᠬᠦᠨ ᠢ ᠰᠦᠪᠡᠭᠴᠢᠯᠡᠨ ᠠᠵᠥ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠵᠥ᠂ ᠪᠤᠬᠢᠷᠳᠤᠯ ᠦᠭᠡᠢ ᠡᠷᠬᠢᠯᠳᠡᠳᠤ ᠪᠠᠭ᠎ᠠ ᠨᠡᠬᠦᠷᠡᠰᠦᠳᠦ᠍ᠷᠦᠭᠴᠢᠳᠤ ᠬᠦᠭᠵᠢᠯᠳᠡ ᠶᠢᠨ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠬᠦᠯᠵᠥ᠂ ᠵᠠᠩᠬᠢᠯᠠᠭ᠎ᠠ ᠶᠢᠨ ᠴᠢᠨᠠᠷᠳᠠᠢ ᠦᠭᠡᠷᠡᠴᠢᠯᠡᠯᠳᠡ ᠶᠢ ᠤᠯᠠᠮ ᠴᠢᠨᠠᠭᠰᠢᠳᠠ ᠬᠦᠨᠵᠡᠬᠡᠶᠢᠷᠡᠬᠦᠯᠵᠥ᠂ ᠭᠠᠳᠠᠭᠠᠳᠤ ᠨᠡᠬᠡᠬᠡᠯᠳᠡ ᠶᠢ ᠪᠦᠬᠦ ᠲᠠᠯ᠎ᠠ ᠪᠠᠷ ᠦᠷᠭᠡᠳᠭᠡᠵᠥ᠂ ᠨᠡᠶᠢᠭᠡᠮ ᠤᠨ ᠦᠢᠯᠡᠰ ᠤᠨ ᠬᠦᠭᠵᠢᠯᠳᠡ ᠶᠢᠨ 6 ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠬᠦᠴᠦᠯᠠᠨ ᠠᠬᠢᠭᠤᠯᠬᠤ ᠬᠡᠷᠡᠭᠳᠡᠢ᠃ ︽ᠲᠦᠷᠪᠡᠨ ᠤᠬᠠᠮᠰᠠᠷ︾ ᠢ ᠪᠤᠢ ᠪᠤᠯᠭᠠᠵᠥ᠂ ᠵᠦᠪᠯᠡᠭᠴᠢ ᠲᠤᠰᠠᠯᠠᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠥ᠂ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠥ᠂ ᠪᠦᠬᠦ ᠤᠷᠤᠨ ᠤ ᠠᠵᠥ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠱᠠᠭᠠᠷᠳᠠᠪᠠ᠃