ᠮᠠᠨ ᠤ ᠤᠷᠤᠨ ᠤ 33 ᠮᠠᠯᠵᠢᠬᠤ ᠬᠤᠰᠢᠭᠤ ᠶᠢᠨ ᠪᠡᠯᠴᠢᠭᠡᠷ ᠡᠪᠡᠰᠦᠨ ᠤ ᠨᠦᠭᠡᠴᠡ ᠵᠢᠴᠢ ᠲᠤᠬᠢᠷᠠᠮᠵᠢᠳᠠᠢ ᠪᠡᠯᠴᠢᠭᠡᠷ ᠤᠨ ᠲᠠᠭᠠᠭᠠᠴᠠ

2017-01-16 / ᠬᠦᠬᠡᠬᠣᠲᠠ



1
2016 ᠤᠨ ᠳᠤ ᠪᠦᠬᠦ ᠤᠷᠤᠨ ᠤ 33 ᠮᠠᠯᠵᠢᠬᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠦᠨ ᠤ ᠨᠦᠭᠡᠴᠡ 75 ᠳ᠋ᠦᠩᠰᠢᠭᠤᠷ ᠺᠢᠯᠤᠭ᠍ᠷᠠᠮ ᠳᠤ ᠬᠦᠷᠴᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 16.4% ᠪᠠᠭᠤᠷᠠᠪᠠ᠂ ᠡᠪᠤᠯ ᠤᠨ ᠤᠯᠠᠷᠢᠯ ᠤᠨ ᠶᠡᠷᠦᠩᠬᠡᠢ ᠲᠤᠬᠢᠷᠠᠮᠵᠢᠳᠠᠢ ᠪᠡᠯᠴᠢᠭᠡᠷ ᠤᠨ ᠲᠠᠭᠠᠭᠠᠴᠠ 1829.9 ᠲᠦᠮᠡᠨ ᠬᠤᠨᠢ ᠨᠢᠭᠡᠴᠡ ᠪᠠᠶᠢᠵᠤ᠂ ᠲᠡᠭᠡᠷ᠎ᠠ ᠵᠢᠯ ᠤᠨ ᠬᠢ ᠠᠴᠠ ᠪᠠᠨ 20.6% ᠪᠠᠭᠤᠷᠠᠭᠰᠠᠨ ᠪᠠᠶᠢᠨ᠎ᠠ᠃
2
ᠲᠤᠰ ᠲᠤᠭ᠎ᠠ ᠪᠠᠷᠢᠮᠳᠠ ᠨᠢ᠂ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠨᠤᠳᠤᠭ ᠪᠡᠯᠴᠢᠭᠡᠷ ᠢ ᠬᠠᠶᠢᠨ ᠪᠠᠶᠢᠴᠠᠭᠠᠵᠤ ᠲᠦᠯᠦᠪᠵᠢᠭᠦᠯᠬᠦ ᠬᠦᠷᠢᠶᠡᠯᠡᠩ ᠤᠨ ᠡᠯ᠎ᠠ ᠠᠶᠢᠮᠠᠭ ᠬᠤᠳᠠ ᠬᠤᠰᠢᠭᠤ ᠰᠢᠶᠠᠨ ᠠᠴᠠ ᠴᠤᠭᠯᠠᠭᠤᠯᠤᠭᠰᠠᠨ ᠭᠠᠵᠠᠷ ᠤᠨ ᠭᠠᠳᠠᠷᠭᠤ ᠶᠢᠨ ᠬᠢᠨᠠᠨ ᠬᠡᠮᠵᠢᠭᠰᠡᠨ ᠲᠤᠭ᠎ᠠ ᠪᠦᠷᠢᠳᠭᠡᠯ ᠢ ᠲᠠᠭᠠᠭᠤᠯᠢ ᠤᠳᠤᠨ ᠤ ᠠᠯᠤᠰ ᠮᠡᠳᠡᠷᠡᠮᠵᠢ ᠶᠢᠨ ᠮᠡᠷᠭᠡᠵᠢᠯ ᠬᠢᠭᠡᠳ ᠴᠠᠭ ᠠᠭᠤᠷ ᠤᠨ ᠮᠠᠲ᠋ᠧᠷᠢᠶᠠᠯ ᠲᠠᠢ ᠤᠶᠠᠯᠳᠤᠭᠤᠯᠵᠤ᠂ ᠪᠦᠬᠦ ᠤᠷᠤᠨ ᠤ 33 ᠮᠠᠯᠵᠢᠬᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠲᠡᠵᠢᠭᠡᠯ ᠡᠪᠡᠰᠦᠨ ᠤ ᠨᠦᠭᠡᠴᠡ ᠳᠤ ᠵᠠᠳᠠᠯᠤᠯᠳᠠ ᠬᠢᠬᠦ ᠪᠠᠷ ᠲᠠᠮᠵᠢᠵᠤ ᠤᠯᠤᠭᠰᠠᠨ ᠶᠤᠮ᠃
3
ᠶᠡᠷᠦᠩᠬᠡᠢ ᠪᠠᠶᠢᠳᠠᠯ ᠠᠴᠠ ᠦᠵᠡᠪᠡᠯ᠂ ᠡᠨᠡ ᠵᠢᠯ ᠪᠦᠬᠦ ᠤᠷᠤᠨ ᠤ ᠶᠡᠬᠡᠩᠭᠢ ᠭᠠᠵᠠᠷ ᠤᠷᠤᠨ ᠤ ᠨᠤᠭᠤᠭᠠᠷᠠᠯᠳᠠ ᠶᠢᠨ ᠬᠤᠭᠤᠴᠠᠭ᠎ᠠ 3 — 10 ᠡᠳᠦᠷ ᠤᠷᠢᠳᠴᠢᠯᠠᠵᠤ᠂ ᠰᠢᠯᠢ ᠶᠢᠨ ᠭᠤᠤᠯ ᠠᠶᠢᠮᠠᠭ ᠤᠨ ᠨᠤᠭᠤᠭᠠᠷᠠᠯᠳᠠ ᠶᠢᠨ ᠬᠤᠭᠤᠴᠠᠭ᠎ᠠ 10 ᠡᠳᠦᠷ ᠤᠷᠴᠢᠮ ᠬᠤᠶᠢᠰᠢᠯᠠᠭᠰᠠᠨ ᠪᠠᠶᠢᠨ᠎ᠠ᠃ 7 ᠳ᠋ᠤᠭᠠᠷ ᠰᠠᠷ᠎ᠠ ᠠᠴᠠ ᠰᠡᠭᠦᠯᠡᠷ ᠵᠡᠭᠦᠨ ᠪᠡᠶ᠎ᠠ ᠶᠢᠨ ᠭᠠᠵᠠᠷ ᠤᠷᠤᠨ ᠵᠢᠴᠢ ᠰᠢᠯᠢ ᠶᠢᠨ ᠭᠤᠤᠯ ᠠᠶᠢᠮᠠᠭ ᠲᠤ ᠨᠡᠶᠢᠳᠡᠮ ᠳᠡᠭᠡᠨ ᠦᠨᠳᠦᠷ ᠲᠤᠯᠠᠭᠠᠨ ᠬᠤᠷ᠎ᠠ ᠲᠤᠨᠤᠳᠠᠰᠤ ᠴᠦᠬᠡᠨ ᠴᠠᠭ ᠠᠭᠤᠷ ᠦᠷᠭᠦᠯᠵᠢᠯᠡᠵᠦ᠂ ᠠᠳᠠᠯᠢ ᠪᠤᠰᠤ ᠬᠡᠮᠵᠢᠶ᠎ᠠ ᠶᠢᠨ ᠭᠠᠩ ᠬᠠᠭᠰᠠᠷᠠᠭᠠᠨ ᠪᠤᠯᠵᠤ᠂ ᠬᠡᠰᠡᠭ ᠭᠠᠵᠠᠷ ᠤᠷᠤᠨ ᠤ ᠭᠠᠩ ᠤᠨ ᠪᠠᠶᠢᠳᠠᠯ ᠬᠦᠨᠳᠦ ᠨᠤᠴᠢᠳᠠᠢ᠂ ᠤᠷᠭᠤᠮᠠᠯ ᠤᠨ ᠬᠤᠴᠢᠯᠭ᠎ᠠ ᠶᠢ ᠶᠡᠬᠡᠪᠡᠷ ᠨᠦᠯᠦᠭᠡᠯᠡᠪᠡ᠃ ᠤᠯᠠᠭᠠᠨᠴᠠᠪ ᠬᠤᠳᠠ ᠵᠢᠴᠢ ᠪᠠᠷᠠᠭᠤᠨ ᠪᠡᠶ᠎ᠠ ᠶᠢᠨ ᠭᠠᠵᠠᠷ ᠤᠷᠤᠨ ᠤ ᠠᠭᠠᠷ ᠤᠨ ᠲᠤᠯᠠᠭᠠᠨ ᠬᠠᠷᠢᠴᠠᠩᠭᠤᠢ ᠦᠨᠳᠦᠷ᠂ ᠬᠤᠷ᠎ᠠ ᠲᠤᠨᠤᠳᠠᠰᠤ ᠶᠢᠨ ᠬᠡᠮᠵᠢᠶ᠎ᠠ ᠶᠡᠭᠡ᠂ ᠤᠷᠭᠤᠮᠠᠯ ᠤᠨ ᠬᠤᠴᠢᠯᠭ᠎ᠠ ᠰᠠᠶᠢᠨ᠃
4
ᠵᠡᠭᠦᠨ ᠪᠡᠶ᠎ᠠ ᠶᠢᠨ ᠭᠠᠵᠠᠷ ᠤᠷᠤᠨ ᠬᠦᠯᠦᠨ ᠪᠤᠶᠢᠷ ᠤᠨ ᠬᠤᠷ᠎ᠠ ᠲᠤᠨᠤᠳᠠᠰᠤ ᠶᠢᠨ ᠬᠡᠮᠵᠢᠶ᠎ᠠ ᠪᠠᠭ᠎ᠠ᠂ ᠠᠭᠠᠷ ᠤᠨ ᠲᠤᠯᠠᠭᠠᠨ ᠦᠨᠳᠦᠷ᠂ ᠨᠠᠷᠠᠨ ᠤ ᠲᠤᠰᠤᠯᠳᠠ ᠬᠠᠷᠢᠴᠠᠩᠭᠤᠢ ᠠᠷᠪᠢᠨ᠂ ᠶᠡᠬᠡᠩᠭᠢ ᠭᠠᠵᠠᠷ ᠤᠷᠤᠨ ᠳᠤ ᠠᠳᠠᠯᠢ ᠪᠤᠰᠤ ᠬᠡᠮᠵᠢᠶ᠎ᠠ ᠶᠢᠨ ᠭᠠᠩ ᠤᠨ ᠪᠠᠶᠢᠳᠠᠯ ᠢᠯᠡᠷᠡᠪᠡ᠃ ᠮᠠᠯᠵᠢᠬᠤ ᠲᠦᠷᠪᠡᠨ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠬᠢ ᠠᠴᠠ ᠪᠠᠨ ᠠᠳᠠᠯᠢ ᠪᠤᠰᠤ ᠬᠡᠮᠵᠢᠶ᠎ᠠ ᠪᠠᠷ ᠪᠠᠭᠤᠷᠠᠪᠠ᠂ ᠮᠠᠯᠵᠢᠬᠤ ᠲᠦᠷᠪᠡᠨ ᠬᠤᠰᠢᠭᠤ ᠶᠢᠨ ᠨᠦᠭᠡᠴᠡ ᠲᠡᠭᠡᠷ᠎ᠠ ᠵᠢᠯ ᠤᠨ ᠬᠢ ᠠᠴᠠ ᠪᠠᠨ 23.72 — 56.7% ᠪᠠᠭᠠᠰᠪᠠ︔ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠨᠢᠳᠤᠨᠤᠨ ᠵᠢᠯ ᠤᠨ ᠬᠢ ᠠᠴᠠ 6.0% ᠪᠠᠭᠠᠰᠪᠠ︔ ᠲᠦᠩᠯᠢᠶᠤᠤ ᠬᠤᠳᠠ ᠶᠢᠨ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤ ᠬᠢᠭᠡᠳ ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠨᠢᠳᠤᠨᠤᠨ ᠵᠢᠯ ᠤᠨ ᠬᠢ ᠠᠴᠠ ᠲᠤᠰᠪᠤᠷᠢ 12.2%᠂ 6.2% ᠨᠡᠮᠡᠭᠳᠡᠪᠡ᠂ ᠵᠠᠷᠤᠳ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠨᠢᠳᠤᠨᠤᠨ ᠵᠢᠯ ᠤᠨ ᠬᠢ ᠠᠴᠠ 15.5% ᠪᠠᠭᠠᠰᠪᠠ︔ ᠤᠯᠠᠭᠠᠨᠬᠠᠳᠠ ᠬᠤᠳᠠ ᠶᠢᠨ 5 ᠮᠠᠯᠵᠢᠬᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠨᠢᠳᠤᠨᠤᠨ ᠵᠢᠯ ᠤᠨ ᠬᠢ ᠠᠴᠠ 2.6 — 27.3% ᠪᠠᠭᠠᠰᠤᠭᠰᠠᠨ ᠪᠠᠶᠢᠨ᠎ᠠ᠃
5
ᠲᠤᠮᠳᠠ ᠪᠡᠶ᠎ᠠ ᠶᠢᠨ ᠰᠢᠯᠢ ᠶᠢᠨ ᠭᠤᠤᠯ ᠠᠶᠢᠮᠠᠭ 6᠂ 7 ᠳ᠋ᠤᠭᠠᠷ ᠰᠠᠷ᠎ᠠ ᠳᠤ ᠤᠮᠠᠷᠠᠳᠤ ᠪᠡᠶ᠎ᠠ ᠶᠢᠨ ᠠᠭᠠᠷ ᠤᠨ ᠲᠤᠯᠠᠭᠠᠨ ᠬᠠᠷᠢᠴᠠᠩᠭᠤᠢ ᠦᠨᠳᠦᠷ᠂ ᠬᠤᠷ᠎ᠠ ᠲᠤᠨᠤᠳᠠᠰᠤ ᠶᠢᠨ ᠬᠡᠮᠵᠢᠶ᠎ᠠ ᠭᠦᠢᠴᠡᠳ ᠦᠭᠡᠢ᠂ ᠶᠡᠭᠡᠩᠭᠢ ᠬᠡᠰᠡᠭ ᠭᠠᠵᠠᠷ ᠤᠷᠤᠨ ᠤ ᠪᠡᠯᠴᠢᠭᠡᠷ ᠡᠪᠡᠰᠤᠨ ᠤ ᠤᠷᠭᠤᠯᠳᠠ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠶᠢ ᠬᠦᠷᠬᠦ ᠦᠭᠡᠢ᠂ ᠡᠮᠦᠨᠡᠳᠦ ᠪᠡᠶ᠎ᠠ ᠶᠢᠨ ᠭᠠᠵᠠᠷ ᠤᠷᠤᠨ ᠤ ᠬᠤᠷ᠎ᠠ ᠲᠤᠨᠤᠳᠠᠰᠤ ᠶᠢᠨ ᠬᠡᠮᠵᠢᠶ᠎ᠠ ᠬᠠᠷᠢᠴᠠᠩᠭᠤᠢ ᠠᠷᠪᠢᠨ᠂ ᠪᠡᠯᠴᠢᠭᠡᠷ ᠡᠪᠡᠰᠤᠨ ᠤ ᠤᠷᠭᠤᠴᠠ ᠨᠡᠯᠢᠶᠡᠳ ᠰᠠᠶᠢᠨ᠃ ᠡᠭᠦᠨ ᠤ ᠲᠤᠳᠤᠷ᠎ᠠ᠂ ᠰᠢᠯᠢᠩᠬᠤᠳᠠ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ ᠪᠠ ᠪᠠᠷᠠᠭᠤᠨ ᠦᠵᠦᠮᠦᠴᠢᠨ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠬᠡᠮᠵᠢᠶ᠎ᠠ ᠨᠢ ᠲᠡᠭᠡᠷ᠎ᠠ ᠵᠢᠯ ᠤᠨ ᠬᠢ ᠠᠴᠠ ᠪᠠᠨ ᠲᠤᠰᠪᠤᠷᠢ 2.0 — 50.4 % ᠢᠶᠠᠷ ᠪᠠᠭᠠᠰᠤᠭᠰᠠᠨ ᠪᠠᠶᠢᠨ᠎ᠠ᠂ ᠪᠤᠰᠤᠳ ᠬᠤᠰᠢᠭᠤ ᠰᠢᠶᠠᠨ ᠤ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠬᠢ ᠠᠴᠠ ᠪᠠᠨ 7.8 — 72.4% ᠨᠡᠮᠡᠭᠳᠡᠭᠰᠡᠨ ᠪᠠᠶᠢᠨ᠎ᠠ︔ ᠤᠯᠠᠭᠠᠨᠴᠠᠪ ᠬᠤᠳᠠ ᠶᠢᠨ ᠲᠦᠷᠪᠡᠳ ᠬᠤᠰᠢᠭᠤ ᠶᠢᠨ ᠪᠡᠯᠴᠢᠭᠡᠷ ᠡᠪᠡᠰᠤᠨ ᠤ ᠤᠷᠭᠤᠯᠳᠠ ᠶᠢᠨ ᠪᠠᠶᠢᠳᠠᠯ ᠰᠠᠶᠢᠨ᠂ ᠪᠠᠶᠢᠭᠠᠯᠢᠯᠢᠭ ᠪᠡᠯᠴᠢᠭᠡᠷ ᠡᠪᠡᠰᠤᠨ ᠤ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠬᠢ ᠠᠴᠠ ᠪᠠᠨ 52.6% ᠨᠡᠮᠡᠭᠳᠡᠭᠰᠡᠨ ᠪᠠᠶᠢᠨ᠎ᠠ︔ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 39.1% ᠨᠡᠮᠡᠭᠳᠡᠭᠰᠡᠨ ᠪᠠᠶᠢᠨ᠎ᠠ᠃
6
ᠪᠠᠷᠠᠭᠤᠨ ᠪᠡᠶ᠎ᠠ ᠶᠢᠨ ᠤᠷᠳᠤᠰ ᠬᠤᠳᠠ᠂ ᠪᠠᠶᠠᠨᠨᠠᠭᠤᠷ ᠬᠤᠳᠠ ᠵᠢᠴᠢ ᠠᠯᠠᠱᠠ ᠠᠶᠢᠮᠠᠭ ᠤᠨ ᠡᠨᠡ ᠵᠢᠯ ᠤᠨ ᠬᠤᠷ᠎ᠠ ᠲᠤᠨᠤᠳᠠᠰᠤ ᠶᠢᠨ ᠬᠡᠮᠵᠢᠶ᠎ᠠ ᠡᠯᠪᠡᠭ᠂ ᠪᠡᠯᠴᠢᠭᠡᠷ ᠡᠪᠡᠰᠤᠨ ᠤ ᠤᠷᠭᠤᠴᠠ ᠰᠠᠶᠢᠨ᠃ ᠤᠳᠤᠭ ᠤᠨ ᠡᠮᠦᠨᠡᠳᠦ ᠬᠤᠰᠢᠭᠤ᠂ ᠬᠠᠩᠭᠢᠨ ᠬᠤᠰᠢᠭᠤ᠂ ᠤᠳᠤᠭ ᠬᠤᠰᠢᠭᠤ ᠪᠠ ᠦᠦᠰᠢᠨ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠬᠢ ᠠᠴᠠ 42.3 — 69.0% ᠨᠡᠮᠡᠭᠳᠡᠭᠰᠡᠨ ᠪᠠᠶᠢᠨ᠎ᠠ︔ ᠪᠠᠶᠠᠨᠨᠠᠭᠤᠷ ᠬᠤᠳᠠ ᠶᠢᠨ ᠤᠷᠠᠳ ᠤᠨ ᠲᠤᠮᠳᠠᠳᠤ ᠬᠤᠰᠢᠭᠤ ᠪᠠ ᠤᠷᠠᠳ ᠤᠨ ᠬᠤᠶᠢᠳᠤ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠡᠭᠡᠷ᠎ᠠ ᠵᠢᠯ ᠤᠨ ᠬᠢ ᠠᠴᠠ ᠪᠠᠨ ᠲᠤᠰᠪᠤᠷᠢ 59.2%᠂ 35.8% ᠨᠡᠮᠡᠭᠳᠡᠭᠰᠡᠨ ᠪᠠᠶᠢᠨ᠎ᠠ︔ ᠠᠯᠠᠱᠠ ᠠᠶᠢᠮᠠᠭ ᠵᠤᠨ ᠠᠴᠠ ᠨᠠᠰᠢ ᠬᠤᠷ᠎ᠠ ᠲᠤᠨᠤᠳᠠᠰᠤ ᠶᠢᠨ ᠬᠡᠮᠵᠢᠶ᠎ᠠ ᠨᠡᠯᠢᠶᠡᠳ ᠰᠠᠶᠢᠨ᠂ ᠡᠪᠡᠰᠦᠯᠢᠭ ᠪᠠ ᠪᠤᠳᠠ ᠮᠤᠳᠤ ᠶᠢᠨ ᠤᠷᠭᠤᠴᠠ ᠬᠠᠷᠢᠴᠠᠩᠭᠤᠢ ᠰᠠᠶᠢᠨ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠠ ᠬᠤᠰᠢᠭᠤ ᠶᠢᠨ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠲᠤᠰᠪᠤᠷᠢ ᠲᠡᠭᠡᠷ᠎ᠠ ᠵᠢᠯ ᠤᠨ ᠬᠢ ᠠᠴᠠ 122.8%᠂184.1%᠂ 148.0% ᠨᠡᠮᠡᠭᠳᠡᠭᠰᠡᠨ ᠪᠠᠶᠢᠨ᠎ᠠ᠃ ᠲᠤᠰᠬᠠᠢ ᠮᠡᠷᠭᠡᠵᠢᠯᠳᠡᠨ ᠤ ᠰᠠᠨᠠᠭᠤᠯᠬᠤ ᠪᠠᠷ᠂ ᠪᠠᠶᠢᠭᠠᠯᠢᠯᠢᠭ ᠨᠤᠳᠤᠭ ᠪᠡᠯᠴᠢᠭᠡᠷ ᠤᠨ ᠡᠪᠤᠯ ᠤᠨ ᠤᠯᠠᠷᠢᠯ ᠤᠨ ᠢᠳᠡᠰᠢᠯᠡᠵᠦ ᠪᠤᠯᠬᠤ ᠪᠡᠯᠴᠢᠭᠡᠷ ᠡᠪᠡᠰᠤᠨ ᠤ ᠨᠦᠭᠡᠴᠡ ᠶᠢ ᠦᠨᠳᠦᠰᠦᠯᠡᠵᠦ᠂ ᠲᠤᠰ ᠭᠠᠵᠠᠷ ᠤᠷᠤᠨ ᠤ ᠪᠠᠨ ᠲᠠᠷᠢᠮᠠᠯ ᠪᠡᠯᠴᠢᠭᠡᠷ᠂ ᠲᠠᠷᠢᠮᠠᠯ ᠤᠨ ᠡᠰᠢ ᠰᠦᠷᠡᠯ᠂ ᠨᠤᠭᠤᠭᠠᠨ ᠲᠠᠷᠤᠰᠢ ᠵᠡᠷᠭᠡ ᠲᠡᠵᠢᠭᠡᠯ ᠡᠪᠡᠰᠤ ᠲᠡᠵᠢᠭᠡᠯ ᠪᠤᠷᠳᠤᠭ᠎ᠠ ᠶᠢᠨ ᠨᠦᠭᠡᠴᠡ ᠲᠠᠢ ᠤᠶᠠᠯᠳᠤᠭᠤᠯᠤᠨ ᠮᠠᠯ ᠠᠷᠠᠴᠢᠯᠠᠨ ᠲᠡᠵᠢᠭᠡᠬᠦ ᠵᠦᠢ ᠵᠤᠬᠢᠰᠳᠠᠢ ᠬᠡᠮᠵᠢᠶ᠎ᠠ ᠶᠢ ᠲᠦᠰᠦᠭᠡᠯᠡᠨ ᠪᠤᠳᠤᠵᠤ᠂ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠨ᠂ ᠲᠤᠬᠢᠷᠠᠮᠵᠢᠳᠠᠢ ᠲᠦᠷᠦ ᠶᠢᠨ ᠪᠤᠳᠤᠯᠭ᠎ᠠ ᠪᠠ ᠵᠠᠬ᠎ᠠ ᠲᠡᠯᠭᠡᠭᠦᠷ ᠤᠨ ᠤᠳᠤᠷᠢᠳᠤᠮᠵᠢ ᠶᠢᠨ ᠠᠷᠭ᠎ᠠ ᠶᠢ ᠠᠪᠴᠤ᠂ ᠡᠨᠡ ᠡᠪᠤᠯ ᠤᠨ ᠮᠠᠯ ᠤᠨ ᠭᠠᠷᠭᠠᠯᠳᠠ ᠵᠢᠴᠢ ᠲᠡᠵᠢᠭᠡᠯ ᠡᠪᠡᠰᠦ ᠨᠦᠭᠡᠴᠡᠯᠡᠬᠦ ᠠᠵᠢᠯ ᠢ ᠰᠠᠶᠢᠳᠤᠷ ᠬᠢᠬᠦ ᠬᠡᠷᠡᠭᠳᠡᠢ᠃