ᠶᠦᠨ ᠭᠤᠸᠠᠩ ᠵᠦᠩ ᠱᠦᠵᠢ ᠭᠠᠳᠠᠨ᠎ᠠ ᠭᠤᠷᠪᠠᠨ ᠲᠣᠭᠣᠷᠢᠭ ᠪᠣᠯᠤᠨ ᠦᠨᠳᠦᠷ ᠬᠤᠷᠳᠤᠴᠠᠲᠤ ᠬᠦᠭᠦᠷᠭᠡᠨ ᠵᠠᠮ ᠤᠨ ᠠᠩᠬ᠎ᠠ ᠠᠯᠬᠤᠮ ᠤᠨ ᠠᠵᠢᠯ ᠤᠨ ᠲᠦᠯᠬᠢᠨ ᠠᠬᠢᠭᠤᠯᠤᠯᠲᠠ ᠶᠢᠨ ᠪᠠᠶᠢᠳᠠᠯ ᠢ ᠰᠤᠳᠤᠯᠤᠨ ᠪᠠᠶᠢᠴᠠᠭᠠᠬᠤ ᠳᠤ  ᠪᠠᠨ ᠠᠵᠢᠯ ᠤᠨ ᠪᠠᠶᠢᠳᠠᠯ ᠢ ᠴᠢᠩᠭᠠᠳᠬᠠᠵᠤ ᠲᠦᠷᠭᠡᠨ ᠬᠢᠬᠦ ᠭᠣᠣᠯᠴᠢᠯᠠᠨ ᠬᠢᠬᠦ ᠰᠠᠶᠢᠲᠤᠷ ᠬᠢᠬᠦ ᠵᠠᠷᠴᠢᠮ ᠢ ᠪᠠᠷᠢᠮᠲᠠᠯᠠᠨ ᠬᠠᠤᠯᠢ ᠳᠦᠷᠢᠮ ᠶᠣᠰᠤᠭᠠᠷ ᠬᠠᠮᠢᠶ᠎ᠠ ᠪᠦᠬᠦᠢ ᠠᠵᠢᠯ ᠲᠦᠯᠬᠢᠨ ᠠᠬᠢᠭᠤᠯᠪᠠ

2017-02-13 / ᠬᠦᠬᠡᠬᠣᠲᠠ


 

1

ᠦᠴᠦᠭᠡᠳᠦᠷ ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠬᠣᠲᠠ ᠶᠢᠨ ᠨᠠᠮ ᠤᠨ ᠬᠣᠷᠢᠶᠠᠨ ᠤ ᠱᠦᠵᠢ ᠶᠦᠨ ᠭᠤᠸᠠᠩ ᠵᠦᠩ ᠭᠠᠳᠠᠨ᠎ᠠ ᠭᠤᠷᠪᠠᠨ ᠲᠣᠭᠣᠷᠢᠭ ᠪᠣᠯᠤᠨ ᠦᠨᠳᠦᠷ ᠬᠤᠷᠳᠤᠴᠠᠲᠤ ᠬᠦᠭᠦᠷᠭᠡᠨ ᠵᠠᠮ ᠤᠨ ᠠᠩᠬ᠎ᠠ ᠠᠯᠬᠤᠮ ᠤᠨ ᠠᠵᠢᠯ ᠤᠨ ᠲᠦᠯᠬᠢᠨ ᠠᠬᠢᠭᠤᠯᠤᠯᠲᠠ ᠶᠢᠨ ᠪᠠᠶᠢᠳᠠᠯ ᠢ ᠰᠤᠳᠤᠯᠤᠨ ᠪᠠᠶᠢᠴᠠᠭᠠᠬᠤ ᠳᠤ  ᠪᠠᠨ ᠠᠵᠢᠯ ᠤᠨ ᠪᠠᠶᠢᠳᠠᠯ ᠢ ᠴᠢᠩᠭᠠᠳᠬᠠᠵᠤ ᠂ ᠠᠵᠢᠯ ᠤᠨ ᠪᠠᠶᠢᠷᠢᠯᠠᠭᠤᠯᠤᠯᠲᠠ ᠶᠢ ᠳᠣᠬᠢᠷᠠᠭᠤᠯᠵᠤ ᠂ ᠬᠠᠷᠢᠭᠤᠴᠠᠯᠭ᠎ᠠ ᠶᠢ ᠡᠭᠦᠷᠭᠡᠯᠡᠵᠦ ᠂ ᠵᠦᠪ ᠣᠨᠣᠪᠴᠢᠲᠠᠢ ᠪᠡᠯᠡ ᠮᠦᠩᠭᠦ ᠴᠤᠭᠯᠠᠭᠤᠯᠵᠤ ᠂ ᠴᠠᠭ ᠢ ᠵᠠᠪᠳᠠᠵᠤ ᠂ ᠲᠦᠷᠭᠡᠨ ᠬᠢᠬᠦ ᠭᠣᠣᠯᠴᠢᠯᠠᠨ ᠬᠢᠬᠦ ᠰᠠᠶᠢᠲᠤᠷ ᠬᠢᠬᠦ ᠵᠠᠷᠴᠢᠮ ᠢ ᠪᠠᠷᠢᠮᠲᠠᠯᠠᠨ ᠬᠠᠤᠯᠢ ᠳᠦᠷᠢᠮ ᠶᠣᠰᠤᠭᠠᠷ ᠡᠯ᠎ᠡ ᠲᠦᠷᠦᠯ ᠦᠨ ᠠᠵᠢᠯ ᠢ ᠲᠦᠯᠬᠢᠨ ᠠᠬᠢᠭᠤᠯᠵᠤ ᠂ ᠪᠦᠬᠦ ᠬᠦᠴᠦ ᠪᠡᠷ ᠵᠦᠷᠢᠯᠢᠭ ᠬᠦᠭᠦᠷᠭᠡᠨ ᠤ ᠵᠠᠮ ᠬᠠᠷᠢᠯᠴᠠᠭ᠎ᠠ ᠶᠢ ᠪᠦᠲᠦᠭᠡᠨ ᠪᠠᠶᠢᠭᠤᠯᠵᠤ ᠂ ᠬᠥᠬᠡᠬᠣᠲᠠ ᠶᠢᠨ ᠠᠮᠤᠷ ᠳᠦᠪᠰᠢᠨ ᠬᠥᠭᠵᠢᠯᠲᠡ ᠳᠤ ᠨᠦᠬᠦᠴᠡᠯ ᠬᠠᠩᠭᠠᠬᠤ ᠪᠡᠷ ᠪᠡᠯᠡᠳᠭᠡᠵᠤ ᠪᠠᠶᠢᠨ᠎ᠠ ᠃