ᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠬᠣᠲᠠ ᠶᠢᠨ ᠲᠡᠳ᠋ ᠳᠠᠷᠤᠭ᠎ᠠ ᠯᠦᠧᠧ ᠴᠢᠩ

2017-03-07 / ᠬᠦᠬᠡᠬᠣᠲᠠ



luoqing
ᠡᠭᠦᠷᠭᠡ ᠬᠠᠷᠢᠭᠤᠴᠠᠯᠭ᠎ᠠ᠄ ᠥᠪᠦᠷ ᠮᠣᠩᠭᠤᠯ ᠤᠨ ᠬᠣᠷᠢᠨᠭᠡᠷ ᠰᠢᠨ᠎ᠡ ᠲᠣᠭᠣᠷᠢᠭ ᠤᠨ ᠬᠠᠮᠢᠶᠠᠷᠤᠯᠲᠠ ᠶᠢᠨ ᠵᠦᠪᠯᠡᠯ ᠤᠨ ᠠᠵᠢᠯ ᠢ ᠬᠠᠷᠢᠭᠤᠴᠠᠨ᠎ᠠ ᠃ ᠯᠦᠧᠧ ᠴᠢᠩ ᠂ ᠡᠷᠡᠭᠲᠡᠢ ᠂ ᠮᠣᠩᠭᠤᠯ ᠥᠨᠳᠦᠰᠦᠲᠡᠨ ᠂ 1977 ᠣᠨ ᠤ 5 ᠰᠠᠷ᠎ᠠ ᠳᠤ ᠲᠥᠷᠦᠪᠡ ᠂ ᠱᠠᠨᠰᠢ ᠮᠤᠵᠢ ᠶᠢᠨ ᠶᠤᠧᠠᠨ ᠫᠢᠩ ᠬᠣᠲᠠ ᠶᠢᠨ ᠬᠥᠮᠦᠨ ᠂ ᠪᠡᠭᠡᠵᠢᠩ ᠶᠡᠭᠡ ᠰᠤᠷᠭᠠᠭᠤᠯᠢ ᠶᠢᠨ ᠭᠤᠧᠠᠩ ᠬᠣᠧᠠ ᠬᠠᠮᠢᠶᠠᠷᠤᠯᠲᠠ ᠶᠢᠨ ᠶᠡᠭᠡ ᠰᠤᠷᠭᠠᠭᠤᠯᠢ ᠡᠴᠡ ᠲᠡᠭᠦᠰᠴᠦ ᠂ ᠠᠵᠤ ᠠᠬᠤᠢ ᠶᠢᠨ ᠤᠬᠠᠭᠠᠨ ᠤ ᠳ᠋ᠣᠺᠲ᠋ᠣᠷ ᠂ 2002 ᠣᠨ ᠤ 6 ᠰᠠᠷ᠎ᠠ ᠳᠤ ᠳᠣᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ ᠂ 2005 ᠣᠨ ᠤ 12 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠤ ᠂ ᠣᠳᠣ ᠥᠪᠦᠷ ᠮᠣᠩᠭᠤᠯ ᠤᠨ ᠬᠣᠷᠢᠨᠭᠡᠷ ᠰᠢᠨ᠎ᠡ ᠲᠣᠭᠣᠷᠢᠭ ᠤᠨ ᠨᠠᠮ ᠤᠨ ᠠᠵᠢᠯ ᠤᠨ ᠬᠣᠷᠢᠶᠠᠨ ᠤ ᠲᠡᠳ᠋ ᠱᠦᠵᠢ ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠂ ᠬᠥᠬᠡᠬᠣᠲᠠ ᠶᠢᠨ ᠨᠠᠮ ᠤᠨ ᠬᠣᠷᠢᠶᠠᠨ ᠤ ᠲᠡᠳ᠋ ᠱᠦᠵᠢ ᠂ ᠬᠥᠬᠡᠬᠣᠲᠠ ᠶᠢᠨ ᠠᠷᠠᠳ ᠤᠨ ᠵᠠᠰᠠᠭ ᠤᠨ ᠣᠷᠳᠤᠨ ᠤ ᠲᠡᠳ᠋ ᠬᠣᠲᠠ ᠶᠢᠨ ᠳᠠᠷᠤᠭ᠎ᠠ ᠃ 1996 . 09 _ 2000 . 07 ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠶᠡᠭᠡ ᠰᠤᠷᠭᠠᠭᠤᠯᠢ ᠶᠢᠨ ᠣᠯᠠᠨ ᠤᠯᠤᠰ ᠤᠡ ᠠᠵᠤ ᠠᠬᠤᠢ ᠶᠢᠨ ᠤᠬᠠᠭᠠᠨ ᠤ ᠰᠠᠯᠪᠤᠷᠢ ᠶᠢᠨ ᠰᠤᠷᠤᠭᠴᠢ᠃ 2000 . 07 _ 2002 . 07 ᠪᠡᠭᠡᠵᠢᠩ ᠶᠡᠭᠡ ᠰᠤᠷᠭᠠᠭᠤᠯᠢ ᠶᠢᠨ ᠭᠤᠧᠠᠩ ᠬᠣᠧᠠ ᠬᠠᠮᠢᠶᠠᠷᠤᠯᠲᠠ ᠶᠢᠨ ᠶᠡᠭᠡ ᠰᠤᠷᠭᠠᠭᠤᠯᠢ ᠶᠢᠨ ᠪᠥᠷᠢᠳᠭᠡᠯ ᠤᠨ ᠰᠠᠯᠪᠤᠷᠢ ᠶᠢᠨ ᠰᠤᠷᠤᠭᠴᠢ᠃ 2002 . 07 _ 2005 . 12 ᠪᠡᠭᠡᠵᠢᠩ ᠶᠡᠭᠡ ᠰᠤᠷᠭᠠᠭᠤᠯᠢ ᠶᠢᠨ ᠭᠤᠧᠠᠩ ᠬᠣᠧᠠ ᠬᠠᠮᠢᠶᠠᠷᠤᠯᠲᠠ ᠶᠢᠨ ᠶᠡᠭᠡ ᠰᠤᠷᠭᠠᠭᠤᠯᠢ ᠶᠢᠨ ᠤᠯᠤᠰ ᠠᠷᠠᠳ ᠤᠨ ᠠᠵᠤ ᠠᠬᠤᠢ ᠶᠢᠨ ᠤᠬᠠᠭᠠᠨ ᠤ ᠲᠤᠰᠠᠬᠠᠢ ᠮᠡᠷᠭᠡᠵᠢᠯ ᠤᠨ ᠰᠤᠷᠤᠭᠴᠢ᠃ 2005 . 12 _ 2006 . 07 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠪᠣᠭᠣᠲᠤ ᠬᠣᠲᠠ ᠶᠢᠨ ᠵᠢᠤ ᠶᠤᠧᠠᠨ ᠲᠣᠭᠣᠷᠢᠭ ᠤᠨ ᠵᠠᠰᠠᠭ ᠤᠨ ᠣᠷᠳᠤᠨ ᠤ ᠲᠣᠭᠣᠷᠢᠭ ᠤᠨ ᠳᠠᠷᠤᠭ᠎ᠠ ᠶᠢᠨ ᠲᠤᠰᠠᠯᠠᠭᠴᠢ ᠃ 2006 . 07 _ 2008 . 04 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠪᠣᠭᠣᠲᠤ ᠬᠣᠲᠠ ᠶᠢᠨ ᠵᠢᠤ ᠶᠤᠧᠠᠨ ᠲᠣᠭᠣᠷᠢᠭ ᠤᠨ ᠵᠠᠰᠠᠭ ᠤᠨ ᠣᠷᠳᠤᠨ ᠤ ᠲᠣᠭᠣᠷᠢᠭ ᠤᠨ ᠲᠡᠳ᠋ ᠳᠠᠷᠤᠭ᠎ᠠ ( ᠬᠣᠭᠣᠷᠤᠨᠳᠤ ᠨᠢ ᠄ 2007 . 10 _ 2008 . 04 ᠣᠷᠴᠢᠨ ᠲᠣᠭᠣᠷᠢᠨ ᠤ ᠬᠠᠮᠠᠭᠠᠯᠠᠯᠲᠠ ᠶᠢᠨ ᠶᠠᠮᠤᠨ ᠤ ᠪᠤᠬᠢᠷᠳᠤᠯ ᠢ ᠬᠢᠵᠠᠭᠠᠷᠯᠠᠬᠤ ᠲᠣᠪᠴᠢᠶᠠᠨ ᠤ ᠤᠰᠤᠨ ᠣᠷᠴᠢᠨ ᠲᠣᠭᠣᠷᠢᠨ ᠤ ᠬᠠᠮᠢᠶᠠᠷᠤᠯᠲᠠ ᠶᠢᠨ ᠭᠠᠵᠠᠷ ᠲᠡᠳ᠋ ᠳᠠᠷᠤᠭ᠎ᠠ ᠪᠠᠷ ᠲᠣᠮᠢᠯᠠᠭᠳᠠᠵᠤ ᠪᠠᠶᠢᠪᠠ᠃ 2008 . 04 _ 2011 . 03 ᠲᠤᠮᠳᠠᠳᠤ ᠤᠯᠤᠰ  ᠤᠨ ᠡᠪ ᠬᠠᠮᠳᠤ ᠵᠠᠯᠠᠭᠤᠴᠤᠳ  ᠤᠨ ᠡᠪᠯᠠᠯ  ᠤᠨ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠦᠬᠠᠢ ᠬᠣᠲᠠ ᠶᠢᠨ ᠨᠠᠮ ᠤᠨ ᠬᠣᠷᠢᠶᠠᠨ ᠤ ᠱᠦᠵᠢ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠃ 2011 . 03 _ 2011 . 08 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠨᠡᠶᠢᠲᠡ ᠶᠢᠨ ᠰᠤᠩᠭᠠᠭᠤᠯᠢ ᠪᠠᠷ ᠰᠣᠩᠭᠤᠭᠳᠠᠭᠰᠠᠨ ᠲᠡᠳ᠋ ᠲᠢᠩᠬᠢᠮ ᠤᠨ ᠲᠡᠰ ᠤᠨ ᠺᠠᠲᠠᠷ ᠂ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠬᠢᠳᠠᠯ ᠰᠤᠷᠪᠤᠵᠢᠯᠠᠭ᠎᠎ᠠ ᠶᠢᠨ ᠬᠢᠨᠠᠨ ᠪᠠᠶᠢᠴᠠᠭᠠᠬᠤ ᠲᠤᠰᠠᠬᠠᠢ ᠲᠤᠰᠢᠶᠠᠯᠲᠠᠨ᠃ 2011 . 08 _ 2014 . 10 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠦᠬᠠᠢ ᠬᠣᠲᠠ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠬᠡᠰᠢᠭᠦᠨ ᠂ ᠬᠠᠢ ᠪᠥᠧᠧ ᠸᠠᠨ ᠲᠣᠭᠣᠷᠢᠭ ᠤᠨ ᠨᠠᠮ ᠤᠨ ᠬᠣᠷᠢᠶᠠᠨ ᠤ ᠱᠦᠵᠢ ᠃ 2014 . 10 _ 2016 . 08 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠷᠢᠶᠡᠨ ᠬᠣᠲᠠ ᠶᠢᠨ ᠨᠠᠮ ᠤᠨ ᠬᠣᠷᠢᠶᠠᠨ ᠤ ᠲᠡ᠋ᠳ᠋ ᠱᠦᠵᠢ ᠂ ᠵᠠᠰᠠᠭ ᠤᠨ ᠣᠷᠳᠤᠨ ᠤ ᠬᠣᠲᠠ ᠶᠢᠨ ᠳᠠᠷᠤᠭ᠎ᠠ ᠃ 2016 . 08 _ 2017 . 01 ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠰᠢᠯᠢ ᠶᠢᠨ ᠬᠣᠲᠠ ᠠᠶᠢᠮᠠᠭ ᠤᠨ ᠨᠠᠮ ᠤᠨ ᠬᠣᠷᠢᠶᠠᠨ ᠤ ᠭᠡᠰᠢᠭᠦᠨ ᠂ ᠡᠷᠢᠶᠠᠨ ᠬᠣᠲᠠ ᠶᠢᠨ ᠨᠠᠮ ᠤᠨ ᠬᠣᠷᠢᠶᠠᠨ ᠤ ᠱᠦᠵᠢ᠃ 2017 . 01 _ ᠥᠪᠦᠷ ᠮᠣᠩᠭᠤᠯ ᠤᠨ ᠬᠣᠷᠢᠨᠭᠡᠷ ᠰᠢᠨ᠎ᠡ ᠲᠣᠭᠣᠷᠢᠭ ᠤᠨ ᠨᠠᠮ ᠤᠨ ᠠᠵᠢᠯ ᠤᠨ ᠬᠣᠷᠢᠶᠠᠨ ᠤ ᠲᠡᠳ᠋ ᠱᠦᠵᠢ ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠂ ᠬᠥᠬᠡᠬᠣᠲᠠ ᠶᠢᠨ ᠨᠠᠮ ᠤᠨ ᠬᠣᠷᠢᠶᠠᠨ ᠤ ᠲᠡᠳ᠋ ᠱᠦᠵᠢ ᠂ ᠬᠥᠬᠡᠬᠣᠲᠠ ᠶᠢᠨ ᠠᠷᠠᠳ ᠤᠨ ᠵᠠᠰᠠᠭ ᠤᠨ ᠣᠷᠳᠤᠨ ᠤ ᠲᠡᠳ᠋ ᠬᠣᠲᠠ ᠶᠢᠨ ᠳᠠᠷᠤᠭ᠎ᠠ ᠃