︽ ᠬᠥᠬᠡᠬᠣᠲᠠ 2  ᠳᠤᠭᠠᠷ ︾ ᠪᠠᠷᠢᠯᠭ᠎ᠠ ᠶᠢᠨ ᠮᠠᠰᠢᠨ ᠬᠦᠷᠴᠦ ᠢᠷᠡᠭᠰᠡᠨ  ᠨᠢ

2017-03-01 / ᠬᠦᠬᠡᠬᠣᠲᠠ



1
ᠥᠴᠦᠭᠡᠳᠦᠷ ᠂ ︽ ᠬᠥᠬᠡᠬᠣᠲᠠ 2 ᠳᠤᠭᠠᠷ ︾ ᠪᠠᠷᠢᠯᠭ᠎ᠠ ᠶᠢᠨ ᠮᠠᠰᠢᠨ ᠬᠥᠬᠡᠬᠣᠲᠠ ᠶᠢᠨ 1 ᠳᠤᠭᠡᠷ ᠭᠠᠵᠠᠷ ᠳᠣᠣᠷᠠᠬᠢ ᠲᠡᠮᠦᠷ ᠵᠠᠮ ᠱᠤᠭᠤᠮ ᠤᠨ 02 ᠳᠣᠮᠳᠠᠳᠤ ᠶᠢᠨ ᠲᠡᠮᠦᠷ ᠵᠠᠮ ᠠᠭᠠᠷ ᠭᠠᠷᠠᠮ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠳᠤᠬᠠᠢ ᠶᠢᠨ ᠲᠠᠯᠠᠪᠠᠢ ᠳᠤ ᠬᠦᠷᠴᠦ ᠢᠷᠡᠭᠰᠡᠨ ᠪᠠᠶᠢᠨ᠎ᠠ ᠃ ᠡᠨᠡ  ᠨᠢ ᠮᠠᠨ ᠤ ᠬᠣᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠡᠩ ᠤᠷᠤᠭᠰᠢ ᠨᠢᠭᠡ ᠠᠯᠬᠤᠮ ᠳᠠᠪᠰᠢᠭᠰᠡᠨ ᠢ ᠲᠣᠳᠣᠷᠬᠠᠶᠢᠯᠠᠵᠤ ᠪᠠᠶᠢᠭ᠎ᠠ ᠶᠤᠮ ᠃