ᠯᠧ ᠹᠧᠩ ᠡᠴᠡ ᠳᠠᠭᠠᠨ ᠰᠤᠷᠤᠯᠴᠠᠶ᠎ᠠ

2017-03-06 / ᠬᠦᠬᠡᠬᠣᠲᠠ



1
ᠣᠶᠢᠷ᠎ᠠ ᠶᠢᠨ ᠡᠳᠦᠷ ᠂ ᠥᠪᠦᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠰᠤᠷᠭᠠᠭᠤᠯᠢ ︽ ᠯᠧ ᠹᠧᠩ ᠤᠨ ᠦᠯᠢᠭᠡᠷ ᠳᠠᠭᠤᠷᠢᠶᠠᠯ ︾ ᠭᠡᠬᠦ ᠦᠵᠡᠭᠦᠯᠭᠡ ᠶᠢᠨ ᠣᠷᠳᠤᠨ ᠵᠢᠩᠬᠢᠨᠢ  ᠪᠠᠷ ᠨᠡᠭᠡᠭᠡᠭᠳᠡᠪᠡ᠃ ᠲᠤᠰ ᠦᠵᠡᠭᠦᠯᠭᠡ ᠶᠢᠨ ᠣᠷᠳᠤᠨ  ᠨᠢ ᠯᠧ ᠹᠧᠩ ᠤᠨ ᠦᠯᠢᠭᠡᠷ ᠶᠠᠪᠤᠳᠠᠯ ᠵᠢᠴᠢ ᠯᠧ ᠹᠧᠩ ᠤᠨ ᠵᠣᠷᠢᠭ ᠰᠠᠨᠠᠭ᠎ᠠ ᠶᠢ ᠳᠠᠭᠠᠨ ᠰᠤᠷᠤᠯᠴᠠᠬᠤ  ᠪᠠᠷ ᠭᠣᠣᠯ ᠰᠡᠳᠦᠪ ᠪᠣᠯᠭᠠᠭᠰᠠᠨ ᠶᠤᠮ ᠃
2
3 ᠰᠠᠷ᠎ᠠ ᠶᠢᠨ 4 ᠤ ᠡᠳᠦᠷ ᠂ ᠴᠢᠩᠬᠢᠰ ᠬᠠᠭᠠᠨ ᠵᠡᠭᠡᠯᠢ ᠶᠢᠨ ᠨᠠᠮ ᠤᠨ ᠡᠭᠦᠷ ᠂ ᠵᠡᠭᠡᠯᠢ ᠬᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠴᠡ ᠡᠯ᠎ᠡ ᠭᠠᠴᠠᠭ᠎ᠠ ᠲᠣᠰᠬᠤᠨ ᠤ ᠰᠠᠶᠢᠨ ᠲᠤᠷ᠎ᠠ ᠶᠢᠨ ᠦᠢᠯᠡᠴᠢᠯᠡᠭᠴᠢ ᠂ ᠨᠠᠮ ᠳᠤ ᠣᠷᠣᠭᠰᠠᠨ ᠬᠥᠮᠦᠨ 260 ᠭᠠᠷᠤᠢ ᠬᠥᠮᠦᠰ ᠴᠣᠭ ︽ ᠯᠧ ᠹᠧᠩ ᠤᠨ ᠵᠣᠷᠢᠭ ᠰᠠᠨᠠᠭ᠎ᠠ ᠶᠢ ᠳᠠᠭᠠᠨ ᠰᠤᠷᠤᠯᠴᠠᠵᠤ ᠂ ᠯᠧ ᠹᠧᠩ ᠵᠣᠷᠢᠭ ᠰᠠᠨᠠᠭ᠎ᠠ ᠠᠳᠠᠯᠢ ᠬᠥᠳᠡᠯᠮᠦᠷᠢ ᠳᠤ ᠣᠷᠣᠯᠴᠠᠪᠠ ︾ ᠭᠣᠣᠯ ᠰᠡᠳᠦᠪᠲᠦ ᠣᠷᠴᠢᠨ ᠲᠣᠭᠣᠷᠢᠨ ᠢ ᠴᠡᠪᠡᠷᠯᠡᠬᠦ ᠬᠥᠳᠡᠯᠭᠡᠭᠡᠨ ᠥᠷᠨᠢᠭᠦᠯᠪᠡ᠃
3
ᠥᠴᠦᠭᠡᠳᠦᠷ ᠂ ᠥᠪᠦᠷ ᠮᠣᠩᠭᠤᠯ ᠤᠨ ᠷᠠᠳᠢᠤ᠋ ᠲᠧᠯᠧᠢᠰ ᠬᠣᠷᠢᠶᠠᠨ ᠤ ᠡᠪᠯᠡᠯ ᠤᠨ ᠬᠣᠷᠢᠶ᠎ᠠ ᠂ ᠠᠵᠤ ᠠᠬᠤᠢ ᠠᠮᠢᠳᠤᠷᠠᠯ ᠤᠨ ᠰᠤᠪᠠᠭ ᠂ ᠵᠠᠮ ᠬᠠᠷᠢᠯᠴᠠᠭᠠᠨ ᠤ ᠨᠡᠪᠲᠡᠷᠡᠭᠦᠯᠭᠡ ᠶᠢᠨ ᠰᠤᠪᠠᠭ ᠪᠣᠯᠤᠨ ᠥᠪᠡᠷᠳᠡᠭᠡᠨ ᠵᠠᠰᠠᠬᠤ ᠣᠷᠣᠨ ᠤ ᠴᠢᠰᠤᠨ ᠬᠥᠮᠦᠷᠭᠡ ᠶᠢᠨ ᠲᠦᠪ ᠯᠧ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠦᠭᠡ ᠂ ᠵᠦᠩ ᠱᠠᠨ ᠵᠠᠮ ᠤᠨ ᠸᠸᠢ ᠳ᠋ᠣᠤ ᠯᠢ ᠠᠷᠠᠯᠵᠢᠶᠠᠨ ᠤ ᠲᠦᠪ ᠤᠨ ᠵᠡᠭᠦᠨ ᠡᠭᠦᠳᠡᠨ ᠤ ᠲᠠᠯᠠᠪᠠᠢ ᠳᠡᠭᠡᠷ᠎ᠠ ᠰᠠᠶᠢᠨ ᠲᠤᠷ᠎ᠠ ᠶᠢᠨ ᠬᠥᠮᠦᠰ ᠤᠨ ᠬᠠᠷᠠᠮ ᠦᠭᠡᠢ ᠴᠢᠰᠤ ᠬᠠᠨᠳᠢᠪᠯᠠᠬᠤ ᠬᠥᠳᠡᠯᠭᠡᠭᠡᠨ ᠢ ᠥᠷᠨᠢᠭᠦᠯᠪᠠ ᠃
4
3 ᠰᠠᠷ᠎᠎ᠠ ᠶᠢᠨ 3 ᠤ ᠡᠳᠦᠷ ᠂ ᠥᠪᠦᠷ ᠮᠣᠩᠭᠤᠯ ᠤᠨ ᠭᠠᠵᠠᠷ ᠰᠢᠨᠵᠢᠯᠡᠭᠡᠨ ᠤ ᠲᠣᠪᠴᠢᠶᠠᠨ ᠤ 35 ᠰᠠᠶᠢᠨ ᠲᠤᠷ᠎ᠠ ᠶᠢᠨ ᠦᠢᠯᠡᠴᠢᠯᠡᠭᠴᠢ ᠪᠤᠤ ᠡᡁᠧ ᠱᠤᠤ ᠪᠠᠯᠭᠠᠰᠤᠨ ᠤ ᠮᠢᠶᠠᠨ ᠹᠤᠤ ᠶᠤᠤ ᠲᠣᠰᠬᠤᠨ ᠳᠤ ᠣᠴᠢᠵᠤ ᠯᠧ ᠹᠧᠩ  ᠵᠣᠷᠢᠭ ᠰᠠᠨᠠᠭᠠᠨ ᠤ ᠦᠢᠯᠡᠴᠢᠯᠡᠭᠴᠢ ᠶᠢᠨ ᠭᠥᠳᠡᠯᠭᠡᠭᠡᠨ ᠶᠢ ᠥᠷᠨᠢᠭᠦᠯᠪᠡ᠃ ᠵᠢᠷᠤᠭ ᠪᠣᠯ ᠰᠠᠨᠶᠢᠨ ᠲᠤᠷ᠎ᠠ ᠶᠢᠨ ᠦᠢᠯᠡᠴᠢᠯᠡᠭᠴᠢ ᠠᠮᠢᠳᠤᠷᠠᠯ ᠭᠦᠴᠢᠷᠳᠡᠯᠲᠡᠢ ᠨᠠᠰᠤᠲᠠᠨ ᠡᠴᠡ ᠪᠠᠶᠢᠳᠠᠯ ᠢ ᠠᠰᠠᠭᠤᠵᠤ ᠪᠠᠶᠢᠭ᠎ᠠ ᠨᠢ