ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠄ ᠲᠡᠯᠡᠭᠡᠢ ᠵᠢᠨ ᠲᠡᠷᠢᠬᠦᠨ ᠤ ᠶᠡᠭᠡ ᠲᠡᠭᠡᠳᠤ ᠰᠤᠷᠭᠠᠭᠤᠯᠢ ᠪᠠ ᠰᠢᠨᠵᠢᠯᠡᠭᠡᠨ ᠤ ᠰᠠᠯᠠᠭ᠎ᠠ ᠨᠤᠭᠤᠳ ᠢ ᠪᠠᠢᠢᠭᠤᠯᠤᠨ᠎ᠠ

2015-11-10 / ᠬᠦᠬᠡᠬᠣᠲᠠ


ᠠᠷᠠᠳ ᠤᠨ ᠰᠦᠯᠵᠢᠶᠡᠨ ᠤ ᠪᠡᠭᠡᠵᠢᠩ ᠤᠨ 11 ᠰᠠᠷ᠎ᠠ ᠵᠢᠨ 3 ᠤ ᠠᠳᠤᠷ ᠤᠨ ᠮᠡᠳᠡᠭᠡ ︵ ᠰᠤᠷᠪᠤᠯᠵᠢᠯᠠᠭᠴᠢ ᠾᠸᠶᠢᠩ ᠴᠦᠨ ︶ ᠰᠢᠨᠬᠤᠸᠠ ᠬᠤᠷᠢᠶᠠᠨ ᠤ ᠮᠡᠳᠡᠭᠡᠯᠡᠯ ᠢ ᠦᠨᠳᠦᠰᠦᠯᠡᠪᠡᠯ ᠂ ᠦᠨᠤᠳᠤᠷ ᠤᠨ ᠨᠡᠢᠢᠲᠡᠯᠡᠭᠰᠡᠨ ︽ ᠤᠯᠤᠰ ᠠᠷᠠᠳ ᠤᠨᠠᠵᠤ ᠠᠬᠤᠢ ᠪᠠ ᠨᠡᠢᠢᠭᠡᠮ ᠤᠨ ᠬᠦᠭᠵᠢᠯᠲᠡ ᠵᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠵᠢ ᠲᠤᠭᠲᠠᠭᠠᠬᠤᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠰᠠᠨᠠᠭᠤᠯᠭ᠎ᠠ ︾  ᠳᠤ ᠄ ᠶᠡᠭᠡ ᠲᠡᠭᠡᠳᠤ ᠰᠤᠷᠭᠠᠭᠤᠯᠢᠵᠢᠨ ᠵᠢᠭᠠᠨ ᠰᠤᠷᠭᠠᠯᠲᠠ ᠵᠢᠨ ᠬᠢᠷᠢ ᠲᠦ᠍ᠪᠰᠢᠨ ᠪᠠ ᠰᠢᠨ᠎ᠡ ᠵᠢ ᠠᠬᠦᠳᠬᠦ ᠴᠢᠳᠠᠪᠤᠷᠢ ᠵᠢ ᠲᠡᠭᠡᠭᠰᠢᠯᠡᠬᠦᠯᠵᠤ ᠂ ᠶᠡᠭᠡ ᠲᠡᠭᠡᠳᠤᠰᠤᠷᠭᠠᠭᠤᠯᠢ ᠨᠤᠭᠤᠳ ᠪᠠ ᠨᠢᠭᠡ ᠪᠦ᠍ᠯᠦᠭ ᠰᠢᠨᠵᠢᠯᠡᠭᠡᠨ ᠤ ᠰᠠᠯᠠᠭ᠎ᠠ ᠵᠢ ᠲᠡᠯᠡᠭᠡᠢ ᠵᠢᠨ ᠲᠡᠷᠢᠬᠦᠨ ᠤ ᠬᠢᠷᠢ ᠬᠡᠮᠵᠢᠶᠡᠨ  ᠳᠤ ᠬᠦᠷᠭᠡᠬᠦᠪᠤᠶᠤ ᠤᠢᠢᠷᠠᠳᠤᠭᠤᠯᠤᠨ᠎ᠠ ᠭᠡᠵᠤ ᠲᠤᠷᠠᠳᠤᠨ ᠭᠠᠷᠭᠠᠵᠠᠢ ᠃ ᠲᠤᠰ ᠰᠠᠨᠠᠭᠤᠯᠭ᠎ᠠ  ᠳᠤ ᠂ ᠤᠳᠤ ᠦᠶ᠎ᠡ ᠵᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠸᠮ ᠢ ᠪᠠᠢᠢᠭᠤᠯᠵᠤ ᠂ ᠦᠢᠯᠡᠳᠪᠤᠷᠢᠯᠡᠯ ᠪᠤᠯᠤᠨ ᠰᠤᠷᠭᠠᠨ ᠬᠦᠮᠦᠵᠢᠯ ᠤᠨ ᠠᠭᠤᠰᠤᠯᠴᠠᠭ᠎ᠠ ᠂ ᠰᠤᠷᠭᠠᠭᠤᠯᠢ ᠪᠤᠯᠤᠨ ᠠᠵᠤ ᠠᠬᠤᠢᠢᠯᠠᠯ ᠤᠨᠬᠠᠮᠳᠤᠷᠠᠯᠴᠠᠭ᠎ᠠ ᠵᠢ ᠲᠦ᠍ᠯᠬᠢᠨ ᠠᠬᠢᠭᠤᠯᠤᠨ᠎ᠠ ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠢᠢᠷᠢᠰᠢᠭᠤᠯᠤᠯᠲᠠ ᠪᠠᠴᠢᠳᠠᠪᠤᠷᠢᠲᠠᠨ ᠬᠦᠮᠦᠵᠢᠬᠦᠯᠬᠦ ᠲᠤᠭᠲᠠᠴᠠ ᠵᠢ ᠰᠢᠯᠢᠳᠡᠭᠵᠢᠬᠦᠯᠵᠤ ᠂ ᠨᠦᠬᠦᠴᠡᠯ ᠪᠦᠬᠦᠢ ᠠᠩ ᠤᠨ ᠦᠨᠳᠦᠰᠦᠨ ᠠᠨᠭ᠍ᠬᠢ ᠵᠢᠨ ᠶᠡᠭᠡᠲᠡᠭᠡᠳᠤ ᠰᠤᠷᠭᠠᠭᠤᠯᠢ ᠵᠢ ᠬᠡᠷᠡᠭᠯᠡᠭᠡᠨ ᠤ ᠬᠡᠯᠪᠡᠷᠢ ᠲᠡᠰᠢ ᠬᠤᠪᠢᠷᠠᠭᠤᠯᠬᠤ ᠵᠢ ᠲᠡᠮᠵᠢᠨ᠎ᠡ ᠭᠡᠵᠤ ᠲᠤᠷᠠᠳᠤᠨ ᠭᠠᠷᠭᠠᠵᠠᠢ ᠃ ᠰᠠᠨᠠᠭᠤᠯᠭ᠎ᠠ  ᠳᠤ ᠪᠠᠰᠠ ᠶᠡᠭᠡ ᠲᠡᠭᠡᠳᠤ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩᠲᠠᠰᠤᠭ ᠤᠨ ᠪᠡᠶ᠎ᠡ ᠪᠡᠨ ᠲᠠᠭᠠᠭᠠᠬᠤ ᠠᠷᠭᠡ ᠵᠢ ᠦᠷᠭᠡᠳᠭᠡᠵᠤ ᠂ ᠰᠢᠨ᠎ᠡ ᠵᠢ ᠠᠬᠦᠳᠬᠦ ᠬᠤᠰᠢᠭᠤᠴᠢ ᠴᠢᠳᠠᠪᠤᠷᠢᠲᠠᠨ  ᠳᠤ ᠨᠡᠩ ᠶᠡᠭᠡᠬᠦᠮᠦᠨ ᠤ ᠬᠦ᠍ᠴᠦᠨ ᠵᠤᠭᠤᠰ ᠮᠦᠨᠭᠬᠦ ᠠᠳ᠋ ᠪᠤᠳᠠᠰ ᠲᠤᠬᠢᠷᠠᠭᠤᠯᠬᠤ ᠠᠷᠭᠡ ᠂ ᠮᠡᠷᠭᠡᠵᠢᠯ ᠤᠨ ᠱᠤᠭᠤᠮ ᠤᠨ ᠪᠤᠳᠤᠯᠭᠠᠲᠤᠭᠲᠠᠭᠠᠬᠤ ᠠᠷᠭᠡ ᠤᠯᠭᠤᠨ᠎ᠠ ᠭᠡᠵᠤ ᠲᠤᠷᠠᠳᠤᠨ ᠭᠠᠷᠭᠠᠵᠠᠢ ᠃