ᠠᠯᠪᠠᠨ ᠲᠠᠩᠬᠢᠮ

2015-12-04 / ᠬᠦᠬᠡᠬᠣᠲᠠ


1᠂ ᠵᠠᠰᠠᠭ ᠤᠨ ᠣᠷᠳᠣᠨ ᠤ ᠠᠯᠪᠠᠨ ᠲᠠᠩᠬᠢᠮ᠄

ᠬᠥᠬᠡᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠩᠬᠢᠮ ᠪᠣᠯ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ ᠬᠥᠬᠡᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠡᠳᠦᠷ ᠳᠤᠲᠤᠮ ᠤᠨ ᠠᠵᠢᠯ ᠢ ᠰᠢᠢᠳᠪᠦᠷᠢᠯᠡᠳᠡᠭ ᠰᠠᠯᠠᠭ᠎ᠠ ᠮᠦᠴᠢᠷ ᠪᠣᠯᠣᠨ᠎ᠠ᠃ ᠲᠡᠭᠦᠨ ᠦ ᠭᠣᠣᠯ ᠪᠣᠯᠬᠤ ᠡᠭᠦᠷᠭᠡ ᠬᠠᠷᠢᠭᠤᠴᠠᠯᠭ᠎ᠠ  ᠨᠢ᠄

(ᠨᠢᠭᠡ) ᠬᠣᠲᠠ ᠶᠢᠨ ᠵᠠᠰᠠᠭ ᠤᠨ ᠣᠷᠳᠣᠨ ᠤ ᠬᠤᠷᠠᠯ ᠤᠨ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠢ ᠬᠠᠪᠰᠤᠷᠤᠨ ᠬᠤᠷᠠᠯ ᠠᠴᠠ ᠲᠣᠭᠲᠠᠭᠠᠭᠰᠠᠨ ᠵᠦᠢᠯᠡᠰ ᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃

(ᠬᠣᠶᠠᠷ) ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢ ᠬᠠᠪᠰᠤᠷᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠠᠩᠭᠢᠮ ᠤᠨ ᠨᠡᠷ᠎ᠡ ᠪᠡᠷ ᠨᠡᠶᠢᠲᠡᠯᠡᠭᠰᠡᠨ ᠠᠯᠪᠠᠨ ᠪᠢᠴᠢᠭ᠌ ᠦᠨ ᠡᠬᠢ ᠨᠣᠣᠷᠠᠭ ᠪᠢᠴᠢᠬᠦ ᠪᠣᠶᠤ ᠬᠢᠨᠠᠬᠤ ᠠᠵᠢᠯ ᠢ ᠵᠣᠬᠢᠶᠠᠨ ᠪᠠᠶᠢᠭᠤᠯᠤᠨ᠎ᠠ; ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠦᠨ ᠶᠠᠷᠢᠶᠠᠨ ᠤ ᠡᠬᠢ ᠨᠣᠣᠷᠠᠭ ᠵᠢᠴᠢ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠶᠢᠨ ᠡᠬᠡ ᠪᠢᠴᠢᠭ᠌ ᠢ ᠭᠠᠷᠭᠠᠬᠤ ᠠᠵᠢᠯ ᠢ ᠵᠣᠬᠢᠶᠠᠨ ᠪᠠᠶᠢᠭᠤᠯᠤᠨ᠎ᠠ᠃

(ᠭᠤᠷᠪᠠ) ᠡᠯ᠎ᠡ ᠬᠤᠰᠢᠭᠤ ᠰᠢᠶᠠᠨ ᠲᠣᠭᠣᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ ᠮᠦᠴᠢᠷ ᠦᠨ ᠵᠢᠭᠠᠪᠤᠷᠢ ᠠᠪᠤᠭᠰᠠᠨ ᠬᠠᠮᠢᠭ᠎ᠠ ᠪᠦᠬᠦᠢ ᠠᠰᠠᠭᠤᠳᠠᠯ ᠢ ᠰᠣᠳᠣᠯᠵᠤ᠂ ᠬᠢᠨᠠᠭᠰᠠᠨ ᠰᠠᠨᠠᠯ ᠳᠤᠷᠠᠳᠴᠤ᠂ ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠲᠤ ᠮᠡᠳᠡᠭᠦᠯᠦᠨ ᠬᠢᠨᠠᠨ ᠵᠥᠪᠰᠢᠷᠡᠭᠦᠯᠦᠨ᠎ᠡ᠃

(ᠳᠥᠷᠪᠡ) ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠶᠢ ᠦᠨᠳᠦᠰᠦᠯᠡᠨ᠂ ᠬᠣᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠦᠳ ᠦᠨ ᠬᠣᠭᠣᠷᠣᠨᠳᠠᠬᠢ ᠴᠢᠬᠤᠯᠠ ᠠᠰᠠᠭᠤᠳᠠᠯ ᠳᠤ ᠵᠣᠬᠢᠴᠠᠭᠤᠯᠭ᠎ᠠ ᠬᠢᠵᠦ᠂ ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠲᠤ ᠮᠡᠳᠡᠭᠦᠯᠦᠨ ᠰᠢᠢᠳᠪᠦᠷᠢ ᠭᠠᠷᠭᠠᠯᠭᠠᠨ᠎ᠠ᠃

(ᠲᠠᠪᠤ) ᠬᠣᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ ᠪᠠ ᠡᠯ᠎ᠡ ᠬᠤᠰᠢᠭᠤ ᠰᠢᠶᠠᠨ  ᠤ ᠠᠷᠠᠳ ᠤᠨ ᠵᠠᠰᠠᠭ ᠤᠨ ᠣᠷᠳᠣᠨ ᠤ ᠬᠣᠲᠠ ᠶᠢᠨ ᠵᠠᠰᠠᠭ ᠤᠨ ᠣᠷᠳᠣᠨ ᠡᠴᠠ ᠪᠠᠭᠤᠯᠭᠠᠭᠰᠠᠨ ᠠᠯᠪᠠᠨ ᠪᠢᠴᠢᠭ᠌᠂ ᠬᠤᠷᠠᠯ ᠤᠨ ᠰᠢᠢᠳᠪᠦᠷᠢ ᠵᠢᠴᠢ ᠤᠳᠤᠷᠢᠳᠤᠯᠭ᠎ᠠ ᠨᠦᠬᠦᠳ ᠦᠨ ᠬᠠᠮᠢᠭ᠎ᠠ ᠪᠦᠬᠦᠢ ᠵᠢᠭᠠᠪᠤᠷᠢ ᠶᠢ ᠬᠡᠷᠡᠭᠵᠢᠭᠦᠯᠵᠦ ᠲᠤᠤᠱᠠᠯᠠᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠮᠥᠷᠳᠡᠨ ᠪᠠᠶᠢᠴᠠᠭᠠᠯᠲᠠ ᠬᠢᠵᠦ᠂ ᠴᠠᠭ ᠲᠤᠬᠠᠢ ᠳᠤ  ᠨᠢ ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠲᠤ ᠬᠠᠷᠢᠭᠤ ᠮᠡᠳᠡᠭᠦᠯᠦᠯᠲᠡ ᠬᠢᠨ᠎ᠡ; ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠵᠤ᠂ ᠵᠢᠯᠤᠭᠣᠳᠴᠤ᠂ ᠵᠥᠪᠯᠡᠭᠡ ᠥᠭᠴᠦ᠂ ᠳᠤᠷᠠᠳᠤᠯᠭ᠎ᠠ ᠲᠠᠯᠪᠢᠨ᠎ᠠ᠃

(ᠵᠢᠷᠭᠤᠭ᠎ᠠ) ᠬᠣᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠨᠥᠬᠥᠳ ᠢ ᠬᠠᠪᠰᠤᠷᠤᠨ ᠬᠣᠲᠠ ᠶᠢᠨ ᠵᠠᠰᠠᠭ ᠤᠨ ᠣᠷᠳᠣᠨ ᠠᠴᠠ ᠰᠢᠭᠤᠳ ᠰᠢᠢᠳᠪᠦᠷᠢᠯᠡᠬᠦ ᠴᠢᠬᠤᠯᠠ  ᠲᠠᠢ ᠭᠡᠨᠡᠳᠲᠡ ᠶᠢᠨ ᠬᠡᠷᠡᠭ ᠪᠠ ᠬᠥᠨᠳᠦ ᠴᠢᠬᠤᠯᠠ ᠬᠡᠷᠡᠭ ᠢ ᠰᠢᠢᠳᠪᠦᠷᠢᠯᠡᠨ᠎ᠡ᠃

(ᠳᠣᠯᠣᠭ᠎ᠠ) ᠪᠥᠬᠥ ᠬᠣᠲᠠ ᠶᠢᠨ ᠵᠠᠰᠠᠭ ᠤᠨ ᠣᠷᠳᠣᠨ ᠤ ᠡᠯᠧᠺᠲ᠋ᠷᠤᠨ ᠵᠠᠰᠠᠭ ᠵᠠᠬᠢᠷᠭᠠᠨ ᠤ ᠠᠵᠢᠯ ᠢ ᠵᠣᠬᠢᠶᠠᠨ ᠪᠠᠶᠢᠭᠤᠯᠵᠤ ᠵᠢᠯᠤᠭᠣᠳᠬᠤ ᠶᠢ ᠬᠠᠷᠢᠭᠤᠴᠠᠵᠤ᠂ ᠬᠣᠲᠠ ᠶᠢᠨ ᠵᠠᠰᠠᠭ ᠤᠨ ᠣᠷᠳᠣᠨ ᠤ ᠠᠯᠪᠠᠨ ᠲᠠᠩᠬᠢᠮ ᠤᠨ ᠡᠯᠧᠺᠲ᠋ᠷᠤᠨ ᠵᠠᠰᠠᠭ ᠵᠠᠬᠢᠷᠭᠠᠨ ᠤ ᠠᠵᠢᠯ ᠢ ᠬᠠᠷᠢᠭᠤᠴᠠᠨ᠎ᠠ᠃

(ᠨᠠᠢᠮᠠ) ᠪᠥᠬᠥ ᠬᠣᠲᠠ ᠶᠢᠨ ᠠᠵᠤ ᠦᠢᠯᠡᠳᠪᠦᠷᠢ ᠠᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠣᠳᠣᠯᠣᠨ ᠪᠠᠶᠢᠴᠠᠭᠠᠬᠤ᠂ ᠵᠢᠯᠤᠭᠣᠳᠬᠤ᠂ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠪᠦᠬᠦ ᠬᠣᠲᠠ ᠶᠢᠨ ᠤᠯᠤᠰ ᠤ ᠪᠠᠲᠤᠯᠠᠨ ᠬᠠᠮᠠᠭᠠᠯᠠᠯᠲᠠ ᠰᠤᠷᠭᠠᠨ ᠬᠦᠮᠦᠵᠢᠯ ᠦᠨ ᠠᠵᠢᠯ ᠢ ᠵᠣᠬᠢᠶᠠᠨ ᠪᠠᠶᠢᠭᠤᠯᠵᠤ ᠵᠢᠯᠤᠭᠣᠳᠣᠨ᠎ᠠ᠃

(ᠶᠢᠰᠦ) ᠪᠥᠬᠥ ᠬᠣᠲᠠ ᠶᠢᠨ ᠣᠯᠠᠨ ᠨᠡᠶᠢᠲᠡ ᠶᠢᠨ ᠡᠨᠧᠷᠬᠢ ᠠᠷᠪᠢᠯᠠᠬᠤ ᠪᠤᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠬᠠᠷᠢᠭᠤᠴᠠᠨ᠎ᠠ᠃

(ᠠᠷᠪᠠ) ᠵᠠᠰᠠᠭ ᠤᠨ ᠶᠠᠪᠤᠳᠠᠯ ᠤᠨ ᠰᠤᠷᠠᠭ ᠴᠢᠮᠡᠭᠡ ᠵᠢᠴᠢ ᠵᠠᠰᠠᠭ ᠤᠨ ᠣᠷᠳᠣᠨ ᠤ ᠠᠯᠪᠠᠨ ᠰᠢᠰᠲ᠋ᠧᠮ ᠤᠨ ᠠᠦ᠍ᠲ᠋ᠤᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠦᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠬᠠᠮᠢᠶᠠᠷᠤᠯᠲᠠ᠂ ᠱᠠᠭᠠᠷᠳᠠᠯᠲᠠ ᠪᠠ ᠪᠠᠶᠢᠴᠠᠭᠠᠯᠲᠠ ᠬᠢᠨ᠎ᠡ᠃

(ᠠᠷᠪᠠᠨ ᠨᠢᠭᠡ) ᠬᠣᠲᠠ ᠶᠢᠨ ᠵᠠᠰᠠᠭ ᠤᠨ ᠣᠷᠳᠣᠨ ᠤ ᠵᠢᠵᠢᠭᠦᠷ ᠦᠨ ᠠᠵᠢᠯ ᠢ ᠬᠠᠷᠢᠭᠤᠴᠠᠵᠤ ᠂ ᠴᠠᠭ ᠲᠤᠬᠠᠢ ᠳᠤ  ᠨᠢ ᠬᠣᠲᠠ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠨᠦᠬᠦᠳ ᠲᠤ ᠴᠢᠬᠤᠯᠠ ᠪᠠᠶᠢᠳᠠᠯ ᠢ ᠮᠡᠳᠡᠭᠦᠯᠦᠯᠲᠡ ᠬᠢᠵᠦ ᠂ ᠡᠯ᠎ᠡ ᠰᠠᠯᠠᠭ᠎ᠠ ᠮᠦᠴᠢᠷ ᠪᠠ ᠡᠯ᠎ᠡ ᠬᠤᠰᠢᠭᠤ ᠰᠢᠶᠠᠨ ᠲᠣᠭᠣᠷᠢᠭ ᠤᠨ ᠬᠣᠲᠠ ᠶᠢᠨ ᠵᠠᠰᠠᠭ ᠤᠨ ᠣᠷᠳᠣᠨ ᠳᠤ ᠲᠤᠰᠭᠠᠭᠰᠠᠨ ᠴᠢᠬᠤᠯᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃

(ᠠᠷᠪᠠᠨ ᠬᠣᠶᠠᠷ) ᠬᠣᠲᠠ ᠶᠢᠨ ᠵᠠᠰᠠᠭ ᠤᠨ ᠣᠷᠳᠣᠨ ᠤ ᠠᠯᠪᠠᠨ ᠲᠠᠩᠬᠢᠮ ᠠᠯᠪᠠᠨ ᠪᠠᠶᠢᠭᠤᠯᠭ᠎ᠠ ᠶᠢᠨ ᠲᠣᠲᠣᠭᠠᠳᠤ ᠶᠢᠨ ᠠᠮᠤᠷ ᠲᠦᠪᠰᠢᠨ ᠳᠤ ᠠᠵᠢᠯ ᠢ ᠬᠠᠷᠢᠭᠤᠴᠠᠵᠤ᠂ ᠠᠯᠪᠠᠨ ᠪᠠᠶᠢᠭᠤᠯᠭ᠎ᠠ ᠶᠢᠨ ᠬᠡᠪ ᠦᠨ ᠠᠵᠢᠯ ᠤᠨ ᠵᠢᠷᠤᠮ ᠢ ᠪᠠᠲᠤᠯᠠᠨ᠎ᠠ᠃

(ᠠᠷᠪᠠᠨ ᠭᠤᠷᠪᠠ) ᠬᠣᠲᠠ ᠶᠢᠨ ᠰᠢᠭᠤᠳ ᠬᠠᠷᠢᠶ᠎ᠠ ᠠᠯᠪᠠᠨ ᠪᠠᠶᠢᠭᠤᠯᠭ᠎ᠠ᠂ ᠠᠵᠢᠯ ᠦᠢᠯᠡᠰ ᠦᠨ ᠨᠢᠭᠡᠴᠢ ᠶᠢᠨ ᠲᠡᠷᠭᠡ ᠤᠨᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠲᠣᠭᠣᠷᠢᠭ ᠤᠨ ᠲᠡᠷᠭᠡ ᠤᠨᠤᠭ᠎ᠠ ᠶᠢ ᠬᠠᠮᠢᠶᠠᠷᠬᠤ ᠠᠵᠢᠯ ᠢ ᠵᠢᠯᠤᠭᠣᠳᠣᠨ᠎ᠠ᠃

(ᠠᠷᠪᠠᠨ ᠳᠥᠷᠪᠡ) ᠪᠦᠬᠦ ᠬᠣᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠪᠠᠴᠢᠮ ᠠᠷᠭᠠᠴᠠᠭᠠᠬᠤ ᠤᠷᠢᠳ ᠲᠦᠰᠦᠪ᠂ ᠰᠡᠷᠡᠮᠵᠢᠯᠡᠬᠦᠯᠬᠦ ᠪᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃

(ᠠᠷᠪᠠᠨ ᠲᠠᠪᠤ) ᠬᠣᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠪᠡᠶᠡᠯᠡᠭᠦᠯᠦᠨ᠎ᠡ᠃

ᠠᠯᠪᠠᠨ ᠭᠡᠷ ᠦᠨ ᠬᠠᠶ᠋ᠢᠭ᠄ ᠰᠢᠨᠬᠤᠸᠠ ᠶᠡᠬᠡ ᠵᠡᠭᠡᠯᠢ ᠶᠢᠨ 1 ᠨᠣᠮᠧᠷᠲᠤ