ᠥᠭᠡᠷᠡᠴᠢᠯᠡᠯᠲᠡ ᠬᠥᠭᠵᠢᠯᠲᠡ ᠶᠢᠨ ᠵᠥᠪᠯᠡᠯ

2015-12-04 / ᠬᠦᠬᠡᠬᠣᠲᠠ


ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ

ᠠᠵᠢᠯ ᠤᠨ ᠬᠠᠷᠢᠭᠤᠴᠠᠯᠭ᠎ᠠ

( ᠨᠢᠭᠡ ) ᠤᠯᠤᠰ᠂ ᠥᠪᠡᠷᠳᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠦᠨ ᠬᠥᠭᠵᠢᠯᠲᠡ ᠶᠢᠨ ᠬᠠᠮᠢᠶ᠎ᠠ ᠪᠦᠬᠦᠢ ᠪᠠᠶᠢᠯᠳᠤᠬᠤ ᠪᠣᠳᠣᠯᠭ᠎ᠠ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠠᠯᠠᠭᠤᠯᠤᠨ ᠬᠡᠷᠡᠭᠵᠢᠭᠦᠯᠵᠦ᠂ ᠪᠥᠬᠥ ᠬᠣᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠦᠨ ᠬᠥᠭᠵᠢᠯᠲᠡ ᠳᠤᠮᠳᠠᠬᠢ ᠤᠷᠲᠤ ᠬᠤᠭᠤᠴᠠᠭᠠᠨ ᠤ ᠲᠥᠯᠥᠪᠵᠢᠭᠦᠯᠭᠡ ᠪᠠ ᠵᠢᠯ ᠦᠨ ᠲᠥᠯᠥᠪᠯᠡᠭᠡ ᠶᠢ ᠲᠤᠭᠤᠷᠪᠢᠵᠤ ᠵᠣᠬᠢᠶᠠᠨ ᠪᠠᠶᠢᠭᠤᠯᠵᠤ ᠪᠡᠶᠡᠯᠡᠭᠦᠯᠵᠦ᠂ ᠠᠵᠤ ᠠᠬᠤᠢ ᠨᠡᠶᠢᠭᠡᠮ ᠦᠨ ᠬᠥᠭᠵᠢᠯᠲᠡ ᠶᠢ ᠨᠢᠭᠡᠳᠦᠯᠲᠡᠢ ᠲᠣᠬᠢᠷᠠᠭᠤᠯᠤᠨ ᠵᠣᠬᠢᠴᠠᠭᠤᠯᠵᠤ᠂ ᠬᠣᠲᠠ ᠶᠢᠨ ᠳᠣᠲᠣᠨ᠎ᠠ ᠭᠠᠳᠠᠨᠠᠬᠢ ᠠᠵᠤ ᠠᠬᠤᠢ ᠶᠢᠨ ᠪᠠᠶᠢᠳᠠᠯ ᠶᠢ ᠰᠣᠳᠣᠯᠣᠨ ᠵᠠᠳᠠᠯᠵᠤ᠂ ᠪᠥᠬᠥ ᠬᠣᠲᠠ ᠶᠢᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢ ᠲᠦᠷᠭᠡᠳᠭᠡᠬᠦ᠂ ᠦᠨ᠎ᠡ ᠬᠠᠩᠰᠢ ᠶᠢᠨ ᠲᠣᠬᠢᠷᠠᠭᠤᠯᠭ᠎ᠠ ᠪᠠ ᠠᠵᠤ ᠠᠬᠤᠢ ᠶᠢᠨ ᠪᠦᠲᠦᠴᠡ ᠶᠢ ᠰᠠᠶᠢᠵᠢᠷᠠᠭᠤᠯᠬᠤ ᠬᠠᠷᠠᠯᠲᠠ᠂ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠵᠢᠴᠢ ᠠᠷᠭ᠎ᠠ ᠬᠡᠮᠵᠢᠶ᠎ᠡ ᠠᠷᠭ᠎ᠠ ᠪᠠᠷᠢᠯ ᠢ ᠳᠤᠷᠠᠳᠤᠨ᠎ᠠ; ᠡᠯ᠎ᠡ ᠵᠦᠢᠯ ᠦᠨ ᠠᠵᠤ ᠠᠬᠤᠢ ᠶᠢᠨ ᠠᠷᠭ᠎ᠠ ᠪᠠᠷᠢᠯ ᠪᠠ ᠲᠦᠷᠦ ᠶᠢᠨ ᠪᠣᠳᠣᠯᠭ᠎ᠠ ᠢ ᠶᠡᠷᠦᠩᠭᠡᠶᠢᠯᠡᠨ ᠬᠡᠷᠡᠭᠯᠡᠬᠦ ᠰᠠᠨᠠᠭᠤᠯᠭ᠎ᠠ ᠶᠢ ᠳᠤᠷᠠᠳᠤᠨ᠎ᠠ; ᠬᠣᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠣᠲᠠ ᠶᠢᠨ ᠠᠷᠠᠳ ᠤᠨ ᠲᠥᠯᠥᠭᠡᠯᠡᠭᠴᠢ ᠶᠢᠨ ᠶᠡᠬᠡ ᠬᠤᠷᠠᠯ ᠳᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠦᠨ ᠬᠥᠭᠵᠢᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃