ᠷᠠᠰᠢᠶᠠᠨ ᠬᠤᠳᠠ ᠶᠢᠨ ᠲᠢᠶᠠᠨ ᠶᠤᠸᠠᠨ ᠨᠡᠢᠢᠭᠡᠮ ᠲᠤᠭᠤᠷᠢᠭ ᠦᠨᠳᠤᠰᠤᠳᠡᠨ ᠤ ᠪᠦ᠍ᠯᠬᠦᠮᠳᠡᠯ ᠲᠠᠪᠰᠢᠯᠳᠠ ᠶᠢ ᠡᠭᠦᠳᠤᠨ ᠪᠠᠢᠢᠭᠤᠯᠬᠤ ᠠᠵᠢᠯ ᠢ ᠴᠢᠩᠭᠠᠳᠬᠠᠵᠤ ᠪᠤᠢ

2015-11-10 / ᠬᠦᠬᠡᠬᠣᠲᠠ


ᠲᠤᠰ ᠰᠤᠨᠢᠨ ᠤ ᠮᠡᠳᠡᠭᠡ ᠨᠡᠢᠢᠭᠡᠮ ᠲᠤᠭᠤᠷᠢᠭ ᠤᠨ ᠦᠨᠳᠤᠰᠤᠳᠡᠨ ᠤ ᠪᠦ᠍ᠯᠬᠦᠮᠳᠡᠯ ᠲᠠᠪᠰᠢᠯᠳᠠ ᠶᠢ ᠡᠭᠦᠳᠤᠨ ᠪᠠᠢᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠢᠢᠭᠡᠮ ᠲᠤᠭᠤᠷᠢᠭ ᠦᠨᠳᠤᠰᠤᠳᠡᠨ ᠤ ᠪᠦ᠍ᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠨᠡᠢᠢᠭᠡᠮ ᠲᠤᠭᠤᠷᠢᠭ ᠢ ᠡᠭᠦᠳᠤᠨ ᠪᠠᠢᠢᠭᠤᠯᠬᠤ ᠪᠠᠷ ᠭᠤᠤᠯ ᠰᠦᠪᠡᠭᠴᠢ ᠪᠤᠯᠭᠠᠵᠤ ᠂ ᠨᠠᠮ ᠪᠠ ᠤᠯᠤᠰ ᠤᠨ ᠦᠨᠳᠤᠰᠤᠳᠡᠨ ᠤ ᠲᠦ᠍ᠷᠤ ᠶᠢᠨ ᠪᠤᠳᠤᠯᠭ᠎ᠠ ᠶᠢ ᠬᠢᠨᠠᠮᠠᠭᠠᠢ ᠨᠠᠢᠢᠳᠠᠪᠤᠷᠢᠵᠢᠭᠤᠯᠵᠤ ᠂ ︽ ᠡᠷᠬᠡ ᠲᠡᠭᠰᠢ ᠂ ᠪᠦᠯᠬᠦᠮᠳᠡᠯ ᠲᠠᠢ ᠂ ᠬᠠᠷᠢᠯᠴᠠᠨ ᠬᠠᠪᠰᠤᠷᠤᠯᠴᠠᠭᠰᠠᠨ ᠂ ᠡᠶ᠎ᠠ ᠨᠠᠢᠢᠷᠠᠮᠳᠠᠭᠤ ︾ ᠦᠨᠳᠤᠰᠤᠳᠡᠨ ᠤ ᠬᠠᠷᠢᠴᠠᠭ᠎ᠠ ᠶᠢ ᠬᠦ᠍ᠭᠵᠢᠬᠦᠯᠤᠨ ᠪᠡᠬᠢᠵᠢᠬᠦᠯᠵᠤ ᠂ ᠬᠤᠰᠢᠭᠤ ᠰᠢᠶᠠᠨ ᠤ ᠠᠵᠤ ᠠᠬᠤᠢ ᠶᠢᠨ ᠦᠳᠳᠡᠷ ᠲᠦᠷᠭᠡᠨ ᠬᠦᠭᠵᠢᠬᠦ ᠳᠤ ᠰᠠᠢᠢᠨ ᠰᠠᠢᠢᠬᠠᠨ ᠨᠡᠢᠢᠭᠡᠮ ᠤᠨ ᠤᠷᠴᠢᠨ ᠲᠤᠭᠤᠷᠢᠨ ᠬᠠᠩᠭᠠᠵᠦ ᠪᠤᠢ ᠃ ᠨᠢᠭᠡ ᠳᠤ ᠠᠵᠢᠯ ᠤᠨ ᠲᠤᠤᠷ ᠰᠦᠯᠵᠢᠶ᠎ᠠ ᠪᠠ ᠬᠠᠷᠢᠭᠤᠴᠠᠭᠠᠯᠳᠤ ᠲᠤᠭᠳᠠᠴᠠ ᠶᠢ ᠪᠦ᠍ᠷᠢᠨᠰᠢᠬᠦᠯᠤᠨ ᠲᠡᠬᠦᠯᠳᠡᠷᠵᠢᠬᠦᠯᠪᠡ ᠃ ᠦᠨᠳᠤᠰᠤᠳᠡᠨ ᠤ ᠪᠦ᠍ᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠨᠡᠢᠢᠭᠡᠮ ᠲᠤᠭᠤᠷᠢᠭ ᠢ ᠡᠭᠦᠳᠤᠨ ᠪᠠᠢᠢᠭᠤᠯᠬᠤ ᠠᠵᠢᠯ ᠤᠨ ᠲᠤᠭᠤᠢᠢᠯᠠᠩ ᠪᠠᠢᠢᠭᠤᠯᠵᠤ ᠂ ᠠᠵᠢᠯ ᠤᠨ ᠡᠭᠦᠷᠭᠡ ᠪᠠᠨ ᠲᠤᠳᠤᠷᠬᠠᠢᠢᠯᠠᠨ ᠂ ᠡᠭᠦᠳᠤᠨ ᠪᠠᠢᠢᠭᠤᠯᠬᠤ ᠠᠵᠢᠯ ᠪᠠ ᠬᠠᠷᠢᠭᠤᠴᠠᠯᠭ᠎ᠠ ᠶᠢ ᠪᠤᠳᠠᠳᠠᠢ ᠳᠤ ᠨᠠᠢᠢᠳᠠᠪᠤᠷᠢᠵᠢᠭᠤᠯᠵᠤ ᠪᠤᠢ ᠃ ᠬᠤᠶᠠᠷ ᠲᠤ ᠦᠨᠳᠤᠰᠤᠳᠡᠨ ᠤ ᠲᠦ᠍ᠷᠤ ᠶᠢᠨ ᠪᠤᠳᠤᠯᠭ᠎ᠠ ᠶᠢ ᠤᠬᠠᠭᠤᠯᠤᠨ ᠬᠦᠮᠤᠵᠢᠬᠦᠯᠬᠦ ᠠᠵᠢᠯᠯᠠᠭ᠎ᠠ ᠶᠢ ᠦᠷᠭᠡᠨ ᠲᠡᠯᠭᠡᠷ ᠦᠷᠨᠢᠬᠦᠯᠪᠡ ᠃ ᠨᠡᠢᠢᠭᠡᠮ ᠲᠤᠭᠤᠷᠢᠭ ᠤᠨ ᠪᠤᠳᠠᠳᠠᠢ ᠲᠠᠢ ᠪᠠᠨ ᠤᠶᠠᠯᠳᠤᠭᠤᠯᠤᠨ ᠂ ᠤᠬᠠᠭᠤᠯᠬᠤ ᠪᠤᠯᠤᠩ ᠂ ᠰᠠᠮᠪᠠᠷ᠎ᠠ ᠶᠢᠨ ᠰᠤᠨᠢᠨ ᠂ LED ᠲᠤᠳᠤᠷᠠᠭᠤᠯᠤᠭᠴᠢ ᠬᠦ᠍ᠰᠢᠭᠡ ᠶᠢ ᠠᠰᠢᠭᠯᠠᠨ ᠲᠡᠢᠢᠯᠤᠮᠵᠢ ᠡᠷᠬᠢᠯᠡᠬᠦ ᠂ ᠤᠬᠠᠭᠤᠯᠬᠤ ᠬᠠᠭᠤᠳᠠᠰᠤ ᠲᠠᠷᠬᠠᠭᠠᠬᠤ ᠪᠠᠷ ᠲᠠᠮᠵᠢᠨ ᠨᠠᠮ ᠪᠠ ᠤᠯᠤᠰ ᠤᠨ ᠦᠨᠳᠤᠰᠤᠳᠡᠨ ᠤ ᠲᠦ᠍ᠷᠤ ᠶᠢᠨ ᠪᠤᠳᠤᠯᠭ᠎ᠠ ᠂ ᠬᠠᠤᠯᠢ ᠲᠦ᠍ᠷᠢᠮ ᠵᠢᠴᠢ ᠦᠨᠳᠤᠰᠤᠳᠡᠨ ᠱᠠᠰᠢᠨ ᠰᠤᠷᠳᠠᠬᠤᠨ ᠤ ᠮᠡᠳᠡᠯᠭᠡ ᠶᠢ ᠤᠬᠠᠭᠤᠯᠵᠤ ᠂ ᠨᠡᠢᠢᠭᠡᠮ ᠲᠤᠭᠤᠷᠢᠭ ᠤᠨ ᠤᠯᠠᠨ ᠲᠦᠮᠡᠨ ᠤ ᠴᠦ᠍ᠬᠡᠨ ᠲᠤᠭᠠᠳᠤ ᠦᠨᠳᠤᠰᠤᠳᠡᠨ ᠤ ᠠᠮᠢᠳᠤᠷᠠᠯ ᠤᠨ ᠵᠠᠩ ᠲᠠᠳᠬᠠᠯ ᠂ ᠦᠨᠳᠤᠰᠤᠳᠡᠨ ᠤ ᠢᠳᠡᠭᠡᠯ ᠪᠢᠰᠢᠷᠠᠯ ᠤᠨ ᠬᠦᠨᠳᠤᠳᠭᠡᠯ ᠪᠠ ᠤᠢᠢᠯᠠᠭᠠᠯᠳᠠ ᠶᠢ ᠨᠡᠮᠡᠭᠳᠡᠬᠦᠯᠪᠡ ᠃ ᠭᠤᠷᠪᠠ ᠳᠤ ᠬᠠᠪᠰᠤᠷᠤᠨ ᠲᠤᠰᠠᠯᠠᠵᠤ ᠲᠤᠬᠤᠨᠢᠭᠤᠯᠭ᠎ᠠ ᠬᠢᠬᠦ ᠠᠵᠢᠯᠯᠠᠭ᠎ᠠ ᠶᠢ ᠢᠳᠡᠪᠬᠢᠳᠠᠢ ᠦᠷᠨᠢᠬᠦᠯᠪᠡ ᠃ ᠲᠤᠬᠤᠨᠢᠭᠤᠯᠭ᠎ᠠ ᠶᠢᠨ ᠲᠦᠷᠢᠮ ᠲᠤᠭᠳᠠᠭᠠᠵᠤ ᠂ ᠴᠦᠬᠡᠨ ᠲᠤᠭᠠᠳᠤ ᠦᠨᠳᠤᠰᠤᠳᠡᠨ ᠤ ᠶᠠᠳᠠᠭᠤ ᠬᠦ᠍ᠴᠢᠷᠳᠠᠢ ᠡᠷᠤᠭᠡ ᠶᠢ ᠴᠠᠭ ᠲᠤᠬᠠᠢ ᠳᠤᠨᠢ ᠪᠤᠯᠭᠤᠭᠠᠨ ᠲᠤᠬᠤᠨᠢᠭᠤᠯᠤᠨ ᠬᠠᠪᠰᠤᠷᠤᠨ ᠲᠡᠳᠬᠦᠵᠤ ᠂ ᠲᠡᠳᠡᠨᠡᠷ ᠲᠤ ᠪᠤᠳᠠᠳᠤ ᠶᠠᠪᠤᠳᠠᠯ ᠂ ᠰᠠᠢᠢᠨ ᠶᠠᠪᠤᠳᠠᠯ ᠬᠢᠵᠤ ᠦᠭ᠍ᠬᠦᠨ ᠂ ᠲᠡᠳᠡᠨ ᠤ ᠬᠦ᠍ᠴᠢᠷ ᠵᠤᠪᠠᠭᠤᠷᠢ ᠶᠢ ᠦᠨᠡᠨᠬᠦ ᠠᠷᠢᠯᠭᠠᠨ ᠦᠭ᠍ᠴᠤ ᠪᠤᠢ ᠃ ᠲᠦᠷᠪᠡ ᠳᠤ ᠴᠦ᠍ᠬᠡᠨ ᠲᠤᠭᠠᠳᠤ ᠦᠨᠳᠤᠰᠤᠳᠡᠨ ᠤ ᠨᠡᠬᠦᠳᠡᠯ ᠬᠠᠮᠢᠶᠠᠷᠤᠯᠳᠠ ᠪᠠ ᠤᠢᠢᠯᠡᠴᠢᠯᠡᠭᠡ ᠶᠢ ᠴᠢᠩᠭᠠᠳᠬᠠᠵᠤ ᠪᠤᠢ ᠃ ᠴᠦᠬᠡᠨ ᠲᠤᠭᠠᠳᠤ ᠦᠨᠳᠤᠰᠤᠳᠡᠨ ᠤ ᠰᠢᠯᠵᠢᠮᠡᠯ ᠲᠠᠩᠰᠠ ᠡᠪᠬᠡᠮᠡᠯ ᠢ ᠪᠠᠢᠢᠭᠤᠯᠵᠤ ᠂ ᠨᠡᠢᠢᠭᠡᠮ ᠲᠤᠭᠤᠷᠢᠭ ᠤᠨ ᠴᠦᠬᠡᠨ ᠲᠤᠭᠠᠳᠤ ᠦᠨᠳᠤᠰᠤᠳᠡᠨ ᠤ ᠤᠯᠠᠨ ᠲᠦᠮᠡᠨ ᠳᠤ ᠠᠵᠢᠯ ᠤᠯᠭᠤᠯᠳᠠ ᠂ ᠲᠦᠯᠤᠪᠯᠡᠭᠡᠳᠤ ᠦᠷᠡᠵᠢᠯ ᠂ ᠦᠷ᠎ᠠ ᠬᠡᠤᠭᠡᠳ ᠤᠨ ᠰᠤᠷᠭᠠᠭᠤᠯᠢ ᠳᠤ ᠤᠷᠤᠬᠤ ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠂ ᠬᠠᠤᠯᠢ ᠴᠠᠭᠠᠵᠠ ᠶᠢᠨ ᠲᠤᠰᠠᠯᠠᠮᠵᠢ ᠬᠦ᠍ᠷᠳᠡᠭᠡᠬᠦ ᠵᠡᠷᠭᠡ ᠲᠠᠯ᠎ᠠ ᠶᠢᠨ ᠤᠢᠢᠯᠡᠴᠢᠯᠡᠭᠡ ᠬᠠᠩᠭᠠᠵᠤ ᠂ ᠲᠡᠳᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ ᠪᠠᠢᠢᠨ᠎ᠠ ᠃