ᠵᠠᠡᠭ ᠯᠢ ᠫᠢᠡᠭ ᠠᠵᠤ ᠠᠬᠤᠢ ᠶᠢᠨ ᠠᠮᠢ ᠠᠬᠤᠢ ᠵᠢᠴᠢ ᠨᠡᠢᠢᠬᠡᠮ ᠤᠨ ᠠᠵᠢᠯ ᠤᠢᠢᠯᠡᠰ ᠤᠨ ᠬᠥᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

2015-11-10 / ᠬᠦᠬᠡᠬᠣᠲᠠ


11 ᠰᠠᠷ᠎ᠠ ᠶᠢᠨ 2 ᠤᠨ ᠡᠳᠤᠷ ᠤᠨ ᠥᠳᠡ ᠶᠢᠨ ᠬᠤᠢᠢᠨ᠎ᠠ ᠂ ᠬᠤᠲᠠ ᠶᠢᠨ ᠳᠠᠷᠤᠭ᠎ᠠ ᠵᠠᠡᠭ ᠯᠢ ᠫᠢᠡᠭ ᠬᠤᠷᠠᠯ ᠡᠷᠬᠢᠯᠡᠨ ᠬᠤᠷᠠᠯᠳᠤᠭᠤᠯᠵᠤ ᠂ ᠲᠥᠷᠤᠭᠥᠤ 10 ᠰᠠᠷ᠎ᠠ ᠶᠢᠨ ᠮᠠᠨ ᠤ ᠬᠤᠳᠠ ᠶᠢᠨ ᠠᠵᠤ ᠠᠬᠤᠢ ᠶᠢᠨ ᠪᠠᠢᠢᠭᠤᠯᠤᠮᠵᠢ ᠪᠤᠯᠤᠨ ᠠᠮᠢ ᠠᠬᠤᠢ ᠶᠢᠨ ᠪᠤᠯᠪᠠᠰᠤᠨ ᠤ ᠪᠠᠢᠢᠭᠤᠯᠤᠮᠵᠢ ᠶᠢᠨ ᠥᠭᠡᠷᠡᠴᠢᠯᠡᠯᠲᠡ ᠂ ᠨᠡᠢᠢᠭᠡᠮ ᠤᠨ ᠠᠵᠢᠯ ᠤᠢᠢᠯᠡᠰ ᠤᠨ ᠬᠥᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢᠨ ᠠᠵᠢᠯ ᠢ ᠪᠡᠶᠡᠯᠡᠭᠥᠯᠦᠭᠰᠡᠨ ᠪᠠᠢᠢᠳᠠᠯ ᠢ ᠲᠤᠰᠬᠠᠢᠢᠯᠠᠨ ᠰᠤᠨᠤᠰᠴᠤ ᠂ ᠬᠤᠢᠢᠰᠢᠳᠠ ᠶᠢᠨ ᠬᠡᠰᠡᠭ ᠬᠤᠭᠤᠴᠠᠭ᠎ᠠ ᠵᠢᠴᠢ ᠳᠠᠷᠠᠭ᠎ᠠ ᠵᠢᠯ ᠤᠨ ᠥᠭᠡᠷᠡᠴᠢᠯᠡᠯᠲᠡ ᠶᠢᠨ ᠠᠵᠢᠯ ᠳᠤ ᠱᠠᠭᠠᠷᠳᠠᠯᠭ᠎ᠠ ᠲᠤᠷᠠᠳᠴᠠᠢ ᠃ ᠬᠤᠲᠠ ᠶᠢᠨ ᠨᠠᠮ ᠤᠨ ᠬᠤᠷᠢᠶᠠᠨ ᠤ ᠪᠠᠢᠢᠨᠭ᠍ᠭᠤ ᠶᠢᠨ ᠭᠡᠰᠢᠭᠥᠨ ᠂ ᠬᠤᠲᠠ ᠶᠢᠨ ᠪᠠᠢᠢᠨᠭ᠍ᠭᠤ ᠶᠢᠨ ᠳᠡᠳ᠋ ᠳᠠᠷᠤᠭ᠎ᠠ ᠪᠠᠢ ᡁᠢ ᠶᠤᠸᠠᠨ ᠂ ᠬᠤᠲᠠ ᠶᠢᠨ ᠳᠡᠳ᠋ ᠳᠠᠷᠤᠭ᠎ᠠ ᠬᠤᠤ ᠭᠥ᠍ᠢ ᠵᠢᠤᠸᠠᠨ ᠂ ᠴᠧᠨ ᠯᠢ ᠰᠢᠨ ᠂ ᠯᠢ ᠺᠥ᠍ᠧᠧ  ᠨᠠᠷ ᠬᠤᠷᠠᠯ ᠳᠤ ᠤᠷᠤᠯᠴᠠᠭᠰᠠᠨ ᠪᠥᠭᠡᠳ ᠥᠪᠡᠷᠰᠡᠳ ᠤᠨ ᠬᠤᠪᠢᠶᠠᠷᠢᠯᠠᠨ ᠬᠠᠮᠢᠶᠠᠷᠴᠤ ᠪᠠᠢᠢᠭ᠎ᠠ ᠠᠵᠢᠯ ᠤᠨ ᠲᠠᠯ᠎ᠠ ᠪᠠᠷ ᠪᠤᠳᠠᠳᠠᠢ ᠰᠠᠨᠠᠯ ᠰᠠᠨᠠᠭᠤᠯᠭ᠎ᠠ ᠳᠤᠷᠠᠳᠪᠠ ᠃ ᠬᠤᠲᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠡᠭ ᠲᠢᠶᠠᠨ ᠰᠢ ᠲᠥ᠍ᠷᠤᠭᠥᠤ 10 ᠰᠠᠷ᠎ᠠ ᠶᠢᠨ ᠠᠵᠤ ᠠᠬᠤᠢ ᠶᠢᠨ ᠠᠮᠢ ᠠᠬᠤᠢ ᠵᠢᠴᠢ ᠨᠡᠢᠢᠭᠡᠮ ᠤᠨ ᠠᠵᠢᠯ ᠤᠢᠢᠯᠡᠰ ᠤᠨ ᠬᠥᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢᠨ ᠪᠠᠢᠢᠳᠠᠯ ᠢ ᠨᠡᠢᠢᠳᠡᠯᠡᠵᠡᠢ ᠃ ᠬᠤᠷᠠᠯ ᠳᠤ ᠤᠷᠤᠯᠴᠠᠭᠰᠠᠨ 35 ᠰᠠᠯᠠᠭ᠎ᠠ ᠮᠥ᠍ᠴᠢᠷ ᠤᠨ ᠬᠠᠷᠢᠭᠤᠴᠠᠯᠭᠠᠳᠠᠨ ᠥᠪᠡᠷᠰᠡᠳ ᠤᠨ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ ᠬᠠᠷᠢᠭᠤ ᠮᠡᠳᠡᠭᠥᠯᠤᠯᠲᠡ ᠬᠢᠪᠡ ᠃ ᠵᠠᠡᠭ ᠯᠢ ᠫᠢᠡᠭ ᠵᠢᠭᠠᠬᠤ ᠳᠠᠭᠠᠨ ᠂ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠠᠵᠢᠯ ᠡᠬᠢᠯᠡᠭᠰᠡᠨ ᠠᠴᠠ ᠨᠠᠰᠢ ᠂ ᠮᠠᠨ ᠤ ᠬᠤᠳᠠ ᠲᠥ᠍ᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠰᠢᠢᠳᠪᠤᠷᠢᠳᠤ ᠪᠤᠳᠤᠯᠭ᠎ᠠ ᠶᠢᠨ ᠪᠠᠢᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠂ ᠡᠯ᠎ᠡ ᠲᠥ᠍ᠷᠤᠯ ᠤᠨ ᠥᠭᠡᠷᠡᠴᠢᠯᠡᠯᠲᠡ ᠶᠢᠨ ᠠᠵᠢᠯ ᠤᠷᠤᠭᠰᠢᠳᠠᠢ ᠶᠠᠪᠤᠭᠳᠠᠵᠤ ᠂ ᠶᠡᠷᠤᠨᠭ᠍ᠬᠡᠢ ᠪᠠᠢᠢᠳᠠᠯ ᠮᠠᠰᠢ ᠰᠠᠢᠢᠨ ᠪᠠᠢᠢᠨ᠎ᠠ ᠃ ᠡᠨᠡ ᠵᠢᠯ ᠪᠤᠯ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠵᠠᠨᠭ᠍ᠭᠢᠯᠠᠭ᠎ᠠ ᠶᠢᠨ ᠵᠢᠯ ᠮᠥᠨ ᠂ ᠪᠥᠬᠥ ᠬᠤᠲᠠ ᠳᠠᠶᠠᠭᠠᠷ ︽ ᠳᠥᠷᠪᠡᠨ ᠪᠥᠬᠥ ᠲᠠᠯ᠎ᠠ ︾ ᠶᠢᠨ ᠪᠠᠢᠢᠯᠳᠤᠬᠤ ᠪᠤᠳᠤᠯᠭ᠎ᠠ ᠶᠢᠨ ᠪᠠᠢᠢᠷᠢᠯᠠᠭᠤᠯᠤᠯᠳᠠ ᠶᠢᠨ ᠥᠨᠳᠤᠷᠴᠡ ᠠᠴᠠ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠶᠢᠨ ᠴᠢᠬᠤᠯᠠ ᠠᠴᠢ ᠬᠤᠯᠪᠤᠭᠳᠠᠯ ᠢ ᠤᠯᠠᠮ ᠨᠢᠭᠡ ᠠᠯᠬᠤᠮ ᠭᠥᠨᠵᠡᠭᠡᠢ ᠲᠠᠨᠢᠬᠤ ᠬᠡᠷᠡᠭᠲᠡᠢ ᠃ ᠤᠨᠴᠠᠭᠠᠢᠢᠯᠠᠨ ᠠᠷᠪᠠᠨ ᠨᠠᠢᠮᠠᠳᠤᠭᠠᠷ ᠬᠤᠭᠤᠴᠠᠭᠠᠨ ᠤ ᠲᠦ᠍ᠪ ᠬᠤᠷᠢᠶᠠᠨ ᠤ ᠳᠠᠪᠤᠳᠤᠭᠠᠷ ᠪᠥᠬᠥᠳᠡ ᠬᠤᠷᠠᠯ ᠠᠴᠠ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠲᠤᠬᠠᠢ ᠪᠠᠢᠢᠷᠢᠯᠠᠭᠤᠯᠤᠯᠳᠠ ᠬᠢᠵᠤ ᠂ ᠮᠠᠰᠢ ᠤᠯᠠᠨ ᠠᠷᠭ᠎ᠠ ᠬᠡᠮᠵᠢᠶ᠎ᠡ ᠶᠢ ᠲᠤᠷᠠᠳᠪᠠ ᠂ ᠪᠢᠳᠡ ᠥᠭᠡᠷᠡᠴᠢᠯᠡᠯᠲᠡ ᠶᠢᠨ ᠲᠤᠬᠠᠢ ᠤᠬᠠᠮᠰᠠᠷ ᠢᠶᠠᠨ ᠤᠯᠠᠮ ᠨᠢᠭᠡ ᠠᠯᠬᠤᠮ ᠴᠢᠨᠭᠭᠠᠷᠠᠭᠤᠯᠤᠨ ᠂ ᠠᠰᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ ᠂ ᠥᠭᠡᠷᠡᠴᠢᠯᠡᠯᠲᠡ ᠪᠠᠷ ᠳᠠᠮᠵᠢᠨ ᠮᠠᠨ ᠤ ᠬᠤᠲᠠ ᠶᠢᠨ ᠬᠥᠭᠵᠢᠯᠲᠡ ᠶᠢ ᠬᠠᠷᠰᠢᠯᠠᠵᠤ ᠪᠠᠢᠢᠭ᠎ᠠ ᠠᠰᠠᠭᠤᠳᠠᠯ ᠢ ᠰᠢᠢᠳᠪᠤᠷᠢᠯᠡᠨ ᠂ ᠵᠠᠬ᠎ᠠ ᠳᠡᠯᠭᠡᠭᠥᠷ ᠤᠨ ᠭᠤᠤᠯ ᠴᠤᠭᠴᠠ ᠶᠢᠨ ᠠᠮᠢᠵᠢᠷᠠᠯ ᠤᠨ ᠬᠥᠴᠤᠨ ᠢ ᠪᠤᠢᠢᠵᠢᠭᠤᠯᠵᠤ ᠬᠥ᠍ᠭ᠍ᠵᠢᠭᠡᠨ ᠂ ᠠᠵᠤ ᠠᠬᠤᠢ ᠨᠡᠢᠢᠭᠡᠮ ᠤᠨ ᠬᠥᠭᠵᠢᠯᠲᠡ ᠶᠢ ᠲᠥ᠍ᠯᠬᠢᠨ ᠠᠬᠢᠭᠤᠯᠬᠤ ᠰᠢᠨ᠎ᠡ ᠬᠥ᠍ᠳᠡᠯᠭᠡᠭᠴᠢ ᠬᠥ᠍ᠴᠤᠨ ᠢ ᠪᠤᠢ ᠪᠤᠯᠭᠠᠬᠤ ᠬᠡᠷᠡᠭᠲᠡᠢ ᠃ ᠵᠢᠯ ᠤᠨ ᠡᠴᠤᠰ ᠪᠤᠯᠳᠠᠯ᠎ᠠ 2 ᠰᠠᠷ᠎ᠠ ᠴᠤ ᠬᠥ᠍ᠷᠬᠥ ᠥᠭᠡᠢ ᠪᠤᠯᠤᠯ᠎ᠠ ᠂ ᠡᠯ᠎ᠡ ᠭᠠᠵᠠᠷ ᠡᠯ᠎ᠡ ᠰᠠᠯᠠᠭ᠎ᠠ ᠮᠥ᠍ᠴᠢᠷ ᠤᠳᠤᠬᠠᠨ ᠤ ᠡᠯ᠎ᠡ ᠲᠥ᠍ᠷᠤᠯ ᠤᠨ ᠠᠵᠢᠯ ᠢᠶᠠᠨ ᠨᠢᠭᠡᠳᠤᠯᠲᠡᠢ ᠲᠥ᠍ᠯᠤᠪᠵᠢᠭᠥᠯᠤᠨ ᠲᠤᠬᠢᠷᠠᠭᠤᠯᠵᠤ ᠂ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠶᠢ ᠤᠳᠤᠬᠠᠨ ᠤ ᠲᠤᠭᠳᠠᠭᠤᠨ ᠨᠡᠮᠡᠭᠳᠡᠯ ᠂ ᠪᠥᠳᠤᠴᠡ ᠶᠢᠨ ᠲᠤᠬᠢᠷᠠᠭᠤᠯᠤᠯᠳᠠ ᠬᠢᠬᠥ ᠂ ᠠᠷᠠᠳ ᠤᠨ ᠠᠮᠢᠳᠤᠷᠠᠯ ᠳᠤ ᠠᠰᠢᠭ ᠬᠥᠷᠲᠡᠭᠡᠬᠥ ᠴᠢᠬᠤᠯᠠ ᠭᠠᠷᠳᠠᠴᠠ ᠪᠤᠯᠭᠠᠨ ᠂ ᠡᠨᠡ ᠵᠢᠯ ᠤᠨ ᠡᠯ᠎ᠡ ᠲᠥ᠍ᠷᠤᠯ ᠤᠨ ᠥᠭᠡᠷᠡᠴᠢᠯᠡᠯᠲᠡ ᠶᠢᠨ ᠡᠭᠥᠷᠭᠡ ᠪᠠᠨ ᠲᠡᠷᠡ ᠶᠤᠰᠤᠭᠠᠷ ᠪᠡᠶᠡᠯᠡᠭᠥᠯᠬᠥ ᠶᠢ ᠪᠠᠳᠤᠯᠠᠬᠤ ᠬᠡᠷᠡᠭᠲᠡᠢ ᠭᠡᠵᠡᠢ ᠃ ᠵᠠᠡᠭ ᠯᠢ ᠫᠢᠡᠭ ᠴᠢᠬᠤᠯᠠᠴᠢᠯᠠᠬᠤ ᠳᠠᠭᠠᠨ ᠂ ᠪᠤᠢ ᠪᠥ᠍ᠬᠥᠢ ᠥᠭᠡᠷᠡᠴᠢᠯᠡᠯᠲᠡ ᠶᠢᠨ ᠲᠥᠷᠤᠯ ᠵᠤᠢᠢᠯ ᠳᠤ ᠬᠥ᠍ᠳᠡᠯᠤᠨᠭ᠍ᠭᠥᠢ ᠬᠠᠮᠢᠶᠠᠷᠤᠯᠳᠠ ᠶᠢ ᠬᠡᠷᠡᠭᠵᠢᠭᠥᠯᠵᠤ ᠂ ᠨᠢᠭᠡᠨᠲᠡ ᠳᠠᠭᠤᠰᠬᠠᠭᠰᠠᠨ ᠢ ᠨᠢ ᠠᠯᠬᠤᠮ ᠳᠠᠷᠠᠭ᠎ᠠ ᠶᠤᠰᠤᠭᠠᠷ ᠴᠠᠭ ᠲᠤᠬᠠᠢ ᠳᠤᠨᠢ ᠥᠨᠡᠯᠡᠨ ᠲᠤᠭᠳᠠᠭᠠᠵᠤ ᠂ ᠰᠢᠯᠭᠠᠨ ᠬᠤᠷᠢᠶᠠᠬᠤ ᠬᠡᠷᠡᠭᠲᠡᠢ ︔ ᠳᠠᠭᠤᠰᠬᠠᠭᠰᠠᠨ ᠥᠭᠡᠢ ᠶᠢ ᠨᠢ ᠲᠥ᠍ᠯᠬᠢᠨ ᠠᠬᠢᠭᠤᠯᠬᠤ ᠶᠢ ᠲᠥ᠍ᠷᠭᠡᠳᠭᠡᠬᠥ ᠬᠡᠷᠡᠭᠲᠡᠢ ︔ ᠥᠵᠤ ᠲᠥ᠍ᠯᠤᠪᠯᠡᠭᠡ ᠶᠢᠨ ᠳᠠᠢᠢᠴᠢᠯᠠᠨ ᠳᠠᠭᠠᠭᠤᠯᠬᠤ ᠂ ᠲᠥᠯᠤᠪᠵᠢᠭᠥᠯᠬᠥ ᠪᠤᠯᠤᠨ ᠵᠢᠭᠠᠨ ᠵᠢᠯᠤᠭᠤᠳᠬᠤ ᠴᠢᠬᠤᠯᠠ ᠲᠠᠢ ᠶᠢ ᠨᠢ ᠮᠠᠨ ᠤ ᠬᠤᠲᠠ ᠶᠢᠨ ᠪᠤᠳᠠᠳᠠᠢ ᠪᠠᠢᠢᠳᠠᠯ ᠲᠠᠢ ᠤᠶᠠᠯᠳᠤᠭᠤᠯᠤᠨ ᠡᠮᠤᠨᠡᠬᠢ ᠬᠤᠭᠤᠴᠠᠭᠠᠨ ᠤ ᠪᠠᠢᠢᠴᠠᠭᠠᠨ ᠰᠤᠳᠤᠯᠤᠯᠳᠠ ᠬᠢᠵᠤ ᠂ ᠰᠠᠨᠠᠯ ᠰᠠᠨᠠᠭᠤᠯᠭ᠎ᠠ ᠲᠤᠷᠠᠳᠴᠤ ᠂ ᠨᠥᠬᠥᠴᠡᠯ ᠪᠥᠷᠢᠯᠳᠤᠭᠥᠯᠤᠨ ᠲᠤᠬᠢᠷᠠᠮᠵᠢᠳᠠᠢ ᠴᠠᠭ ᠲᠤ ᠡᠬᠢᠯᠡᠭᠥᠯᠬᠥ ᠬᠡᠷᠡᠭᠲᠡᠢ ᠃ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠥᠯᠬᠥ ᠶᠢ ᠠᠨᠭ᠍ᠬᠠᠷᠴᠤ ᠂ ᠥᠭᠡᠷᠡᠴᠢᠯᠡᠯᠲᠡ ᠶᠢᠨ ᠥᠷ᠎ᠡ ᠪᠥ᠍ᠳᠤᠭᠡᠯ ᠢ ᠠᠰᠢᠭᠯᠠᠬᠤ ᠶᠢ ᠴᠢᠨᠭᠭᠠᠳᠬᠠᠨ ᠂ ᠥᠭᠡᠷᠡᠴᠢᠯᠡᠯᠲᠡ ᠶᠢᠨ ᠨᠠᠢᠢᠳᠠᠪᠤᠷᠢᠵᠢᠭᠤᠯᠤᠯᠳᠠ ᠶᠢᠨ ᠬᠥᠴᠤᠯᠡᠴᠡ ᠶᠢ ᠨᠡᠮᠡᠭᠳᠡᠭᠥᠯᠵᠤ ᠂ ᠥᠭᠡᠷᠡᠴᠢᠯᠡᠯᠲᠡ ᠶᠢ ᠤᠷᠤᠭᠰᠢᠳᠠᠢ ᠶᠠᠪᠤᠭᠳᠠᠭᠤᠯᠤᠨ ᠂ ᠡᠯ᠎ᠡ ᠲᠥ᠍ᠷᠤᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠤᠳᠠᠳᠠᠢ ᠥᠷ᠎ᠡ ᠪᠥ᠍ᠳᠤᠮᠵᠢ ᠤᠯᠬᠤ ᠶᠢ ᠪᠠᠳᠤᠯᠠᠬᠤ ᠬᠡᠷᠡᠭᠲᠡᠢ ᠃ ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠂ ᠳᠥᠷᠪᠡᠳᠤᠭᠡᠷ ᠂ ᠳᠠᠪᠤᠳᠤᠭᠠᠷ ᠪᠥᠬᠥᠳᠡ ᠬᠤᠷᠠᠯ ᠤᠨ ᠵᠤᠷᠢᠭ ᠰᠠᠨᠠᠭ᠎ᠠ ᠶᠢ ᠪᠥ᠍ᠬᠥ ᠲᠠᠯ᠎ᠠ ᠪᠠᠷ ᠲᠤᠤᠱᠯᠠᠭᠤᠯᠤᠨ ︽ 13  5 ︾ ᠤᠨ ᠲᠥᠯᠤᠪᠵᠢᠭᠥᠯᠭᠡ ᠶᠢ ᠨᠠᠷᠢᠨ ᠬᠢᠨᠠᠮᠠᠭᠠᠢ ᠰᠤᠳᠤᠯᠵᠤ ᠂ ᠮᠠᠨ ᠤ ᠬᠤᠲᠠ ᠶᠢᠨ ᠪᠤᠳᠠᠳᠠᠢ ᠪᠠᠢᠢᠳᠠᠯ ᠲᠠᠢ ᠤᠶᠠᠯᠳᠤᠭᠤᠯᠤᠨ ᠂ ᠳᠠᠷᠠᠭ᠎ᠠ ᠵᠢᠯ ᠤᠨ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠠᠵᠢᠯ ᠢᠶᠠᠨ ᠤᠷᠢᠳᠴᠢᠯᠠᠨ ᠰᠥᠪᠡᠭᠴᠢᠯᠡᠬᠥ ᠬᠡᠷᠡᠭᠲᠡᠢ ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ ᠂ ᠴᠢᠬᠤᠯᠠ ᠶᠡᠬᠡ ᠠᠰᠠᠭᠤᠳᠠᠯ ᠢ ᠰᠢᠢᠳᠪᠤᠷᠢᠯᠡᠬᠥ ᠪᠠᠷ ᠵᠤᠷᠢᠯᠭ᠎ᠠ ᠪᠤᠯᠭᠠᠵᠤ ᠂ ᠠᠰᠠᠭᠤᠳᠠᠯ ᠤᠨ ᠲᠤᠬᠠᠢ ᠤᠬᠠᠮᠰᠠᠷ ᠢ ᠪᠤᠢ ᠪᠤᠯᠭᠠᠨ ᠂ ᠠᠰᠠᠭᠤᠳᠠᠯ ᠤᠨ ᠤᠳᠤᠷᠢᠳᠤᠮᠵᠢ ᠪᠠᠷ ᠬᠠᠮᠳᠤ ᠶᠢᠨ ᠲᠠᠨᠢᠯᠳᠠ ᠪᠠᠨ ᠨᠢᠭᠡᠳᠭᠡᠵᠤ ᠂ ᠠᠰᠠᠭᠤᠳᠠᠯ ᠤᠨ ᠤᠳᠤᠷᠢᠳᠤᠮᠵᠢ ᠪᠠᠷ ᠬᠥᠴᠤᠨ ᠢᠶᠠᠨ ᠲᠥᠪᠯᠡᠷᠡᠭᠥᠯᠤᠨ ᠂ ᠥᠭᠡᠷᠡᠴᠢᠯᠡᠯᠲᠡ ᠶᠢ ᠪᠥ᠍ᠬᠥ ᠲᠠᠯ᠎ᠠ ᠪᠠᠷ ᠭᠥᠨᠵᠡᠭᠡᠢᠢᠷᠡᠭᠥᠯᠬᠥ ᠠᠵᠢᠯ ᠪᠤᠳᠠᠳᠠᠢ ᠳᠤ ᠨᠠᠢᠢᠳᠠᠪᠤᠷᠢᠵᠢᠭᠤᠯᠤᠭᠳᠠᠬᠤ ᠶᠢ ᠪᠠᠳᠤᠯᠠᠬᠤ ᠬᠡᠷᠡᠭᠲᠡᠢ ᠭᠡᠵᠡᠢ ᠃