ᠪᠦᠬᠦ ᠤᠯᠤᠰ ᠤᠨ ᠨᠢᠭᠡᠳᠦᠯᠲᠡᠢ ᠬᠢᠯᠢ ᠶᠢᠨ ᠪᠣᠭᠤᠮᠲᠠ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠢᠰᠲ᠋ᠧᠮ ᠬᠥᠬᠡᠬᠣᠲᠠ ᠳᠤ ᠬᠡᠷᠡᠭᠯᠡᠭᠰᠡᠨ ᠨᠢ

2017-08-08 / ᠬᠦᠬᠡᠬᠣᠲᠠ



20178785945247
ᠪᠦᠬᠦ ᠲᠠᠯ᠎ᠠ  ᠪᠠᠷ ᠳᠣᠲᠤᠭᠠᠳᠤ ᠶᠢ ᠬᠠᠮᠠᠭᠠᠯᠠᠬᠤ ᠠᠵᠢᠯ ᠳᠤ ᠥᠭᠡᠷᠴᠢᠯᠡᠯᠲᠡ ᠬᠢᠵᠦ ᠂ ᠨᠡᠩ ᠰᠠᠶᠢᠨ ᠠᠷᠠᠳ ᠲᠥᠮᠡᠨ ᠳᠤ ᠦᠢᠯᠡᠴᠢᠯᠡᠬᠦ ᠶᠢᠨ ᠲᠥᠯᠦᠭᠡ ᠂ ᠳᠣᠲᠣᠭᠠᠲᠤ ᠶᠢ ᠬᠠᠮᠠᠭᠠᠯᠠᠬᠤ ᠬᠡᠯᠳᠡᠰ ᠡᠴᠡ ᠪᠦ᠍ᠬᠦ ᠤᠯᠤᠰ ᠤᠨ ᠨᠢᠭᠡᠳᠦᠯᠲᠡᠢ ᠬᠢᠯᠢ ᠶᠢᠨ ᠪᠣᠭᠤᠮᠲᠠ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠭᠠᠷᠭᠠᠭᠰᠠᠨ ᠪᠠᠶᠢᠨ᠎ᠡ ᠃ ᠥᠪᠡᠷᠳᠡᠭᠡᠨ ᠵᠠᠰᠠᠬᠤ ᠣᠷᠣᠨ ᠤ ᠳᠣᠲᠤᠭᠠᠳᠤ ᠶᠢ ᠬᠠᠮᠠᠭᠠᠯᠠᠬᠤ ᠲᠢᠩᠬᠢᠮ ᠡᠴᠡ ᠬᠢᠯᠢ ᠶᠢᠨ ᠪᠣᠭᠣᠮᠲᠠ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯ  ᠤᠨ ᠪᠠᠶᠢᠷᠢᠯᠠᠭᠤᠯᠤᠯᠲᠠ ᠶᠢ ᠥᠨᠳᠦᠰᠦᠯᠡᠨ ᠂ ᠬᠣᠲᠠ ᠶᠢᠨ ᠳᠣᠲᠤᠭᠠᠳᠤ ᠶᠢ ᠬᠠᠮᠠᠭᠠᠯᠠᠬᠤ ᠲᠣᠪᠴᠢᠶᠠᠨ ᠤ ᠬᠢᠯᠢ ᠶᠢᠨ ᠪᠣᠭᠣᠮᠲᠠ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶᠠᠨ ᠡᠴᠡ 8 ᠰᠠᠷ᠎ᠠ ᠶᠢᠨ 3 ᠤ ᠡᠳᠦᠷ ᠡᠬᠢᠯᠡᠨ ᠪᠦᠬᠦ ᠬᠣᠲᠠ ᠶᠢᠨ ᠬᠡᠪᠴᠢᠶᠠᠨ ᠤ ᠡᠨᠡ ᠬᠦ ᠰᠢᠰᠲ᠋ᠧᠮ ᠢ ᠬᠡᠷᠡᠭᠯᠡᠯᠲᠡ ᠳᠤ ᠣᠷᠣᠭᠤᠯᠤᠭᠰᠠᠨ ᠪᠠᠶᠢᠨ᠎ᠠ ᠃