ᠪᠡᠯᠡ ᠣᠷᠤᠭᠤᠯᠤᠯᠲᠠ ᠶᠢᠨ ᠣᠷᠴᠢᠨ ᠲᠣᠭᠤᠷᠢᠨ

2015-11-23 / ᠬᠦᠬᠡᠬᠣᠲᠠ


ᠬᠥᠬᠡᠬᠤᠲᠠ ᠪᠤᠯ ᠪᠠᠷᠠᠭᠤᠨ ᠣᠷᠤᠨ ᠢ ᠶᠡᠬᠡ ᠪᠡᠷ ᠨᠡᠭᠡᠭᠡᠨ ᠬᠦᠭᠵᠢᠭᠦᠯᠬᠦ ᠪᠠᠶᠢᠯᠳᠤᠬᠤ ᠪᠣᠳᠤᠯᠭ᠎ᠠ ᠶᠢᠨ ᠴᠢᠬᠤᠯᠠ ᠲᠦ᠍ᠪ ᠬᠤᠲᠠ ᠶᠢᠨ ᠨᠢᠭᠡ ᠨᠢ ᠪᠣᠯᠤᠨ᠎ᠠ᠃ ᠬᠠᠭᠤᠷᠠᠢ᠂ ᠠᠭᠠᠷ ᠤᠨ ᠵᠠᠮ ᠬᠠᠷᠢᠯᠴᠠᠭ᠎ᠠ ᠳᠦ᠍ᠭᠦᠮ᠂ ᠰᠢᠤᠳᠠᠨ ᠬᠣᠯᠪᠤᠭ᠎ᠠ ᠴᠤ ᠤᠷᠤᠭᠰᠢᠲᠠᠢ ᠨᠡᠪᠲᠡᠷᠡᠭᠰᠡᠨ᠂ ᠴᠠᠬᠢᠯᠭᠠᠨ ᠬᠦᠴᠦ ᠡᠯᠪᠡᠭ ᠳᠡᠯᠪᠡᠭ᠂ ᠡᠬᠢ ᠪᠠᠶᠠᠯᠢᠭ  ᠢᠶᠡᠷ ᠡᠯᠪᠡᠭ᠂ ᠡᠯ᠎ᠡ ᠳᠡᠰ ᠦᠨ ᠨᠡᠭᠡᠭᠡᠯᠲᠡ ᠶᠢᠨ ᠣᠷᠤᠨ ᠣᠯᠠᠨ᠂ ᠬᠦᠳᠡᠯᠮᠦᠷᠢ ᠬᠦ᠍ᠴᠦᠨ ᠦ ᠴᠢᠨᠠᠷ ᠨᠡᠯᠢᠶᠡᠳ ᠦᠨᠳᠦᠷ᠂ ᠦᠢᠯᠡᠴᠢᠯᠡᠭᠡᠨ ᠳᠦ ᠵᠣᠷᠢᠭᠤᠯᠤᠭᠰᠠᠨ ᠵᠦᠢᠯᠡᠰ ᠨᠢ ᠴᠤ ᠪᠦ᠍ᠷᠢᠨ᠂ ᠦᠢᠯᠡᠳᠪᠦᠷᠢᠯᠡᠬᠦ ᠬᠦ᠍ᠴᠦᠨ ᠵᠦᠢᠯ ᠨᠢ ᠮᠠᠰᠢ ᠲᠦ᠍ᠷᠭᠡᠨ ᠢᠶᠡᠷ ᠦᠢᠯᠡᠳᠪᠦᠷᠢᠯᠡᠯ ᠦᠨ ᠬᠦᠴᠦᠨ ᠪᠣᠯᠵᠤ ᠬᠣᠪᠢᠷᠠᠬᠤ ᠳᠠᠪᠠᠭᠤᠯᠢᠭ ᠲᠠᠯ᠎ᠠ  ᠲᠠᠢ᠃ ᠮᠥᠨ ᠴᠤ ᠳᠤᠮᠳᠠᠳᠤ ᠤᠯᠤᠰ ᠤᠨ ᠳᠤᠮᠳᠠᠳᠤ ᠪᠠᠷᠠᠭᠤᠨ ᠣᠷᠤᠨ ᠤ ᠪᠡᠯᠡ ᠣᠷᠤᠭᠤᠯᠬᠤ ᠬᠠᠮᠤᠭ ᠤᠨ ᠲᠣᠬᠢᠷᠠᠮᠵᠢᠲᠠᠢ ᠣᠷᠤᠨ ᠤ ᠨᠢᠭᠡ ᠨᠢ ᠪᠣᠯᠤᠨ᠎ᠠ᠃ 2005 ᠣᠨ ᠳᠤ ᠬᠥ᠍ᠬᠡᠬᠤᠲᠠ ᠨᠢᠭᠡᠨᠲᠡ ᠠᠵᠤ ᠠᠬᠤᠢ ᠶᠢᠨ ᠬᠦᠭᠵᠢᠯᠲᠡ ᠪᠡᠷ ᠬᠠᠮᠤᠭ ᠤᠨ ᠢᠳᠡᠪᠬᠢ ᠬᠦ᠍ᠴᠦᠨ ᠲᠡᠢ 10 ᠬᠤᠲᠠ ᠶᠢᠨ ᠨᠢᠭᠡ ᠪᠣᠯᠵᠠᠢ᠃
1᠂ ᠬᠠᠭᠤᠷᠠᠢ᠂ ᠠᠭᠠᠷ ᠤᠨ ᠵᠠᠮ ᠬᠠᠷᠢᠯᠴᠠᠭ᠎ᠠ ᠲᠦ᠍ᠷᠭᠡᠨ ᠮᠥᠷᠲᠡᠭᠡᠨ ᠳᠦᠭᠦᠮ᠃
ᠬᠥᠬᠡᠬᠤᠲᠠ ᠪᠤᠯ ᠭᠠᠵᠠᠷ ᠵᠦᠢ ᠶᠢᠨ ᠪᠠᠶᠢᠷᠢᠰᠢᠯᠠᠯ ᠢᠶᠡᠷ ᠳᠠᠪᠠᠭᠤᠯᠢᠭ᠂ ᠵᠡᠭᠦᠨᠰᠢ ᠪᠡᠭᠡᠵᠢᠩ ᠠᠴᠠ 470 ᠺᠢᠯᠤᠮᠧᠲ᠋ᠷ ᠵᠠᠶᠢᠲᠠᠢ᠂ ᠤᠮᠠᠷᠠᠰᠢ ᠬᠢᠯᠢ ᠶᠢᠨ ᠬᠤᠲᠠ ᠡᠷᠢᠶᠠᠨ ᠠᠴᠠ 490 ᠺᠢᠯᠤᠮᠧᠲ᠋ᠷ ᠵᠠᠶᠢᠲᠠᠢ᠂ ᠪᠠᠷᠠᠭᠤᠨᠰᠢ ᠪᠤᠭᠤᠲᠤ ᠠᠴᠠ 150 ᠺᠢᠯᠤᠮᠧᠲ᠋ᠷ ᠵᠠᠶᠢᠲᠠᠢ᠂ ᠣᠷᠳᠤᠰ ᠤᠨ ᠵᠡᠭᠦᠨᠭᠠᠷ  ᠦᠨ ᠲᠣᠮᠤ ᠠᠭᠤᠷᠬᠠᠢ ᠶᠢᠨ ᠭᠠᠵᠠᠷ ᠠᠴᠠ 100 ᠭᠠᠷᠤᠢ ᠺᠢᠯᠤᠮᠧᠲ᠋ᠷ ᠵᠠᠶᠢᠲᠠᠢ ᠂ ᠪᠠᠷᠠᠭᠤᠨ ᠡᠮᠦᠨᠡᠰᠢ ᠣᠷᠳᠤᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠵᠠᠷ ᠠᠴᠠ 480 ᠺᠢᠯᠤᠮᠧᠲ᠋ᠷ ᠵᠠᠶᠢᠲᠠᠢ ᠶᠤᠮ᠃ ᠬᠥᠬᠡᠬᠤᠲᠠ ᠨᠢ ᠤᠯᠤᠰ ᠤᠨ 45 ᠵᠠᠰᠠᠮᠠᠯ ᠵᠠᠮ ᠤᠨ ᠭᠣᠤᠯ ᠬᠦᠢᠰᠦ ᠬᠤᠲᠠ ᠶᠢᠨ ᠨᠢᠭᠡ ᠨᠢ ᠪᠣᠯᠤᠨ᠎ᠠ ᠃
2᠂ ᠰᠢᠨᠵᠢᠯᠡᠬᠦ ᠤᠬᠠᠭᠠᠨ ᠮᠡᠷᠭᠡᠵᠢᠯ ᠬᠦᠭᠵᠢᠵᠦ᠂ ᠴᠢᠳᠠᠪᠤᠷᠢᠲᠠᠨ ᠴᠤᠭᠯᠠᠷᠠᠭᠰᠠᠨ ᠭᠠᠵᠠᠷ᠃
ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ  ᠤ ᠲᠦ᠍ᠪ ᠂ ᠬᠥᠬᠡᠬᠤᠲᠠ ᠳᠤ ᠶᠡᠬᠡ ᠂ᠳᠤᠮᠳᠠ ᠲᠤᠰᠬᠠᠢ ᠮᠡᠷᠭᠡᠵᠢᠯ ᠦᠨ ᠰᠤᠷᠭᠠᠭᠤᠯᠢ ᠪᠠ ᠡᠷᠳᠡᠮ ᠰᠢᠨᠵᠢᠯᠡᠭᠡᠨ ᠦ ᠬᠦ᠍ᠷᠢᠶᠡᠯᠡᠩ ᠂ ᠡᠯ᠎ᠡ ᠮᠡᠷᠭᠡᠵᠢᠯ ᠦᠨ ᠴᠢᠳᠠᠪᠤᠷᠢᠲᠠᠨ ᠴᠤᠭᠯᠠᠷᠠᠭᠰᠠᠨ ᠪᠠᠶᠢᠳᠠᠭ᠃ ᠣᠳᠤ ᠡᠯ᠎ᠡ ᠲᠦ᠍ᠷᠦᠯ ᠦᠨ ᠡᠷᠳᠡᠮ ᠰᠢᠨᠵᠢᠯᠡᠭᠡᠨ ᠦ ᠬᠦ᠍ᠷᠢᠶᠡᠯᠡᠩ 137 ᠭᠠᠵᠠᠷ᠂ ᠶᠡᠬᠡ ᠰᠤᠷᠭᠠᠭᠤᠯᠢ 17᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠦᠨ ᠰᠤᠷᠭᠠᠭᠤᠯᠢ 34 ᠪᠤᠢ᠃
3᠂ ᠡᠬᠢ ᠪᠠᠶᠠᠯᠢᠭ᠂ ᠡᠳ᠋ ᠪᠤᠳᠠᠰ ᠢᠶᠡᠷ ᠡᠯᠪᠡᠭ ᠳᠡᠯᠪᠡᠭ᠃
ᠬᠥᠬᠡᠬᠤᠲᠠ ᠨᠢ ᠥᠪᠦᠷ ᠮᠣᠩᠭᠤᠯ ᠤᠨ ︽ ᠳᠤᠷᠤᠨᠠᠲᠤ ᠶᠢᠨ ᠣᠢ᠂ ᠦᠷᠦᠨᠡᠲᠦ ᠶᠢᠨ ᠲᠡᠮᠦᠷ᠂ ᠡᠮᠦᠨᠡᠲᠦ ᠶᠢᠨ ᠠᠮᠤ ᠪᠤᠳᠠᠭ᠎ᠠ᠂ ᠤᠮᠠᠷᠠᠲᠤ ᠶᠢᠨ ᠮᠠᠯ ᠰᠦᠷᠦᠭ᠂ ᠭᠠᠵᠠᠷ ᠪᠦᠬᠦᠨ ᠳᠡᠭᠡᠨ ᠨᠡᠭᠦᠷᠡᠰᠦ ᠲᠠᠢ ︾ ᠡᠬᠢ ᠪᠠᠶᠠᠯᠢᠭ ᠢᠶᠡᠷ ᠡᠯᠪᠡᠭ ᠭᠠᠵᠠᠷ ᠣᠷᠤᠨ ᠤ ᠲᠦ᠍ᠪ ᠬᠡᠰᠡᠭ ᠲᠤᠨᠢ ᠣᠷᠤᠰᠢᠵᠤ᠂ ᠦᠷᠭᠡᠨ ᠠᠭᠤᠳᠠᠮ ᠨᠤᠲᠤᠭ ᠳᠡᠪᠢᠰᠭᠡᠷ ᠲᠡᠢ᠂ ᠠᠭᠤᠯᠠ ᠲᠠᠯ᠎ᠠ ᠭᠣᠤᠯ ᠨᠠᠭᠤᠷ ᠪᠦᠷᠢᠳᠦᠭᠰᠡᠨ᠂ ᠠᠭᠤᠷᠬᠠᠢ ᠪᠠ ᠡᠳ᠋ ᠭᠠᠷᠤᠯᠲᠠ ᠶᠢᠨ ᠡᠬᠢ ᠪᠠᠶᠠᠯᠢᠭ ᠮᠠᠰᠢ ᠡᠯᠪᠡᠭ ᠶᠤᠮ᠃
4᠂ ᠨᠡᠭᠡᠭᠡᠯᠲᠡ ᠶᠢᠨ ᠣᠷᠤᠨ ᠤ ᠪᠠᠶᠢᠷᠢᠰᠢᠯᠠᠯ ᠢᠶᠡᠷ ᠳᠠᠪᠠᠭᠤᠯᠢᠭ ᠃
ᠪᠠᠷᠠᠭᠤᠨ ᠣᠷᠤᠨ ᠢ ᠶᠡᠬᠡ ᠪᠡᠷ ᠨᠡᠭᠡᠭᠡᠨ ᠬᠦᠭᠵᠢᠭᠦᠯᠬᠦ ᠪᠡ ᠬᠣᠲᠠᠵᠢᠭᠤᠯᠤᠯᠲᠠ ᠶᠢ ᠲᠦ᠍ᠷᠭᠡᠳᠭᠡᠬᠦ ᠶᠢᠨ ᠲᠦᠯᠦᠭᠡ ᠬᠥ᠍ᠬᠡᠬᠤᠲᠠ ᠶᠢᠨ ᠨᠠᠮ ᠤᠨ ᠬᠣᠷᠢᠶ᠎ᠠ᠂ ᠵᠠᠰᠠᠭ ᠤᠨ ᠣᠷᠳᠤᠨ ᠠᠴᠠ ᠨᠢᠭᠡ ᠪᠦ᠍ᠯᠦᠭ ᠤᠨᠴᠠᠯᠢᠭ ᠲᠠᠭᠠᠨ ᠲᠣᠬᠢᠷᠠᠭᠰᠠᠨ ᠴᠢᠳᠠᠮᠵᠢ ᠪᠠᠨ ᠪᠠᠳᠠᠷᠠᠭᠤᠯᠬᠤ ᠣᠷᠤᠨ ᠢ ᠲᠦ᠍ᠯᠦᠪᠵᠢᠭᠦᠯᠪᠡ᠃