ᠰᠢᠨᠵᠢᠯᠡᠭᠡ ᠮᠡᠷᠭᠡᠵᠢᠯ ᠦᠨ ᠲᠣᠪᠴᠢᠶ᠎ᠠ

2015-12-04 / ᠬᠦᠬᠡᠬᠣᠲᠠ


ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠣᠪᠴᠢᠶ᠎ᠠ 1᠂ ᠭᠤᠤᠯ ᠬᠠᠷᠢᠭᠤᠴᠠᠯᠭ᠎ᠠ (1)᠂ ᠤᠯᠤᠰ ᠥᠪᠡᠷᠳᠡᠭᠡᠨ ᠵᠠᠰᠠᠬᠤ ᠣᠷᠣᠨ ᠵᠢᠴᠢ ᠬᠣᠲᠠ ᠶᠢᠨ ᠬᠠᠮᠢᠶ᠎ᠠ ᠪᠥᠬᠦᠢ ᠰᠢᠨᠵᠢᠯᠡᠬᠦ ᠤᠬᠠᠭᠠᠨᠴᠢ ᠬᠦᠭᠵᠢᠯᠳᠡ  ᠤᠨ ᠬᠠᠤᠯᠢ ᠳᠥᠷᠢᠮ᠂ᠴᠢᠭᠯᠡᠯᠲᠡ᠂ ᠲᠦᠷᠦ ᠶᠢᠨ ᠪᠣᠳᠤᠯᠭ᠎ᠠ ᠶᠢ ᠲᠤᠤᠱᠯᠠᠭᠤᠯᠬᠤ ᠂ ᠬᠣᠲᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠪᠣᠯᠣᠨ ᠰᠢᠨᠵᠢᠯᠡᠬᠦ ᠤᠭᠭᠠᠨ ᠶᠢᠡᠷ ᠠᠵᠤ ᠠᠬᠤᠢ ᠪᠠ ᠨᠡᠶᠢᠬᠡᠮ ᠤᠨ ᠬᠥᠭᠵᠢᠯᠲᠠ ᠶᠢ ᠠᠬᠢᠭᠤᠯᠬᠤ ᠲᠥᠯᠥᠪᠯᠡᠭᠡ᠂ ᠲᠦᠷᠦ ᠶᠢᠨ ᠪᠣᠳᠤᠯᠭ᠎ᠠ᠂ᠬᠠᠤᠯᠢ ᠳᠥᠷᠢᠮ ᠢ ᠬᠥᠲᠥᠯᠥᠨ ᠳᠣᠢᠯᠣᠪᠯᠠᠬᠡᠠ᠋ ᠵᠣᠬᠢᠶᠠᠵᠤ ᠂ ᠬᠠᠮᠳᠤ  ᠨᠢ ᠵᠣᠬᠢᠶᠠᠠ ᠪᠠᠶᠢᠭᠤᠯᠤᠨ ᠬᠡᠷᠠᠭ᠍ᠵᠢᠬᠦᠯᠬᠦ ᠪᠠ ᠬᠢᠨᠠᠨ ᠪᠠᠶᠢᠴᠠᠭᠠᠬᠤ᠃ (2)᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠪᠠᠶᠢᠷᠢᠰᠢᠯ ᠪᠣᠯᠣᠨ ᠲᠡᠷᠢᠭᠦᠨ ᠤ ᠬᠦᠷᠢᠶ᠎ᠠ ᠬᠡᠪᠴᠢᠶ᠎ᠠ ᠰᠤᠳᠤᠯᠤᠨ ᠳᠣᠭᠲᠠᠭᠠᠵᠤ᠂ᠬᠣᠲᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠳᠣᠮᠳᠠᠬᠢ ᠤᠷᠲᠤ ᠬᠤᠭᠤᠴᠠᠭᠠᠨ ᠤ ᠲᠥᠯᠥᠪᠯᠡᠭᠡ ᠪᠠ ᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠠᠵᠢᠯ ᠤᠨ ᠦᠵᠡᠯ ᠰᠠᠨᠠᠭ᠎ᠠ ᠪᠣᠯᠤᠨ ᠬᠠᠷᠠᠯᠳᠠᠳᠣ ᠡᠭᠦᠷᠭᠡ ᠶᠢ ᠨᠠᠶᠢᠷᠠᠭᠤᠯᠤᠬᠤ ᠵᠢᠴᠢ ᠵᠣᠬᠢᠶᠠᠠ ᠪᠠᠶᠢᠭᠤᠯᠤᠨ ᠬᠡᠷᠠᠭ᠍ᠵᠢᠬᠦᠯᠬᠦ ᠃ 2᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠠᠯᠪᠠᠨ ᠭᠡᠷ ᠤᠨ ᠭᠤᠤᠯ ᠬᠠᠷᠢᠭᠤᠴᠠᠯᠭ᠎ᠠ: ᠳᠣᠪᠴᠢᠶᠠᠨ ᠤ ᠳᠠᠷᠤᠭ᠎ᠠ ᠶᠢ ᠬᠠᠪᠰᠤᠷᠤᠨ ᠪᠠᠶᠢᠭᠤᠯᠭ᠎ᠠ ᠶᠢᠨ ᠡᠳᠤᠷ ᠳᠣᠲᠤᠮ ᠤᠨ ᠠᠵᠢᠯ ᠰᠢᠢᠳᠪᠦᠷᠢᠯᠡᠵᠤ᠂ᠪᠠᠶᠢᠭᠤᠯᠭ᠎ᠠ ᠶᠢᠨ ᠲᠦᠷᠦ ᠶᠢᠨ ᠠᠵᠢᠯ ᠳᠤ ᠳᠣᠬᠢᠷᠠᠭᠤᠯᠤᠯᠲᠠ ᠬᠢᠵᠤ᠂ ᠪᠠᠶᠢᠭᠤᠯᠭ᠎ᠠ ᠨᠢᠭᠡᠴᠡ ᠶᠢᠨ ᠬᠤᠷᠠᠯ ᠤᠨ ᠡᠷᠬᠢᠯᠡᠬᠦ ᠶᠢ ᠬᠠᠷᠢᠭᠤᠴᠠᠵᠤ᠂ ᠶᠡᠷᠦᠩᠬᠢ ᠪᠢᠴᠢᠭ ᠮᠠᠲ᠋ᠧᠷᠢᠶᠠᠯ  ᠤᠨ ᠨᠣᠣᠷᠠᠭ ᠪᠠ ᠪᠠᠶᠢᠭᠤᠯᠭ᠎ᠠ ᠨᠢᠭᠡᠴᠡ ᠶᠢᠨ ᠨᠠᠷᠢᠨ ᠪᠢᠴᠢᠭ ᠤᠨ ᠲᠠᠠᠭ᠍ᠰᠡ ᠡᠪᠭᠡᠮᠠᠯ ᠂ ᠪᠠᠲᠤᠯᠠᠨ ᠬᠠᠮᠠᠭᠠᠯᠠᠯᠲᠠ ᠶᠢᠨ ᠨᠢᠭᠤᠴᠠ᠂ ᠶᠡᠷᠦᠩᠬᠢ ᠵᠠᠬᠢᠳᠠᠯ ᠰᠣᠷᠪᠤᠯᠵᠢᠯᠠᠭ᠎ᠠ᠂ ᠬᠢᠨᠠᠨ ᠪᠠᠶᠢᠴᠠᠭᠠᠬᠤ᠂ ᠪᠠᠶᠢᠭᠤᠯᠭ᠎ᠠ ᠨᠢᠭᠡᠴᠡ ᠶᠢᠨ ᠡᠳ᠋ ᠤᠨ ᠶᠠᠪᠤᠳᠠᠯ ᠂ ᠲᠤᠭᠳᠠᠮᠠᠯ ᠬᠦᠷᠦᠩᠭᠡ ᠂ ᠠᠯᠪᠠᠨ ᠬᠡᠷᠡᠭᠰᠡᠯ ᠂ ᠳᠥᠷᠢᠮ ᠳᠣᠭᠲᠠᠭᠠᠯ ᠢ ᠪᠥᠲᠦᠭᠡᠨ ᠪᠠᠶᠢᠭᠤᠯᠬᠤ ᠵᠡᠷᠭᠡ ᠠᠵᠢᠯ ᠢ ᠭᠦᠢᠴᠡᠳᠭᠡᠵᠤ᠂ ᠰᠢᠨᠵᠢᠯᠡᠭᠡ ᠲᠸᠭᠨᠢᠭ ᠤᠨ ᠮᠠᠳᠠᠭᠡ ᠵᠠᠠᠭ᠍ᠬᠢ ᠪᠠ ᠤᠬᠠᠭᠤᠯᠠᠭ᠎ᠠ ᠶᠢᠨ ᠠᠵᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ:0471-6621295 ᠠᠵᠢᠯᠠᠯᠬᠤ ᠭᠠᠵᠠᠷ:ᠬᠥᠬᠡᠬᠣᠲᠠ ᠶᠢᠨ ᠰᠢᠨᠬᠤᠸᠠ ᠵᠡᠭᠦᠨ ᠵᠡᠭᠡᠯᠢ ᠨᠡᠢ ᠯᠦᠨ ᠣᠯᠠᠨ ᠤᠯᠤᠰ ᠤᠨ ᠶᠡᠬᠡ ᠠᠰᠠᠷ B ᠰᠠᠭᠤᠷᠢ 21᠂ 22 ᠳᠠᠪᠬᠤᠷ ᠬᠠᠷᠢᠯᠴᠠᠬᠤ ᠤᠲᠠᠰᠤ: 0471-6621301