ᠦᠪᠦᠷ ᠮᠣᠩᠭᠣᠯ ᠤᠨ ᠬᠦᠷᠦᠩᠭᠡ ᠤᠷᠤᠭᠤᠯᠤᠯᠲᠠ ᠶᠢᠨ ᠪᠦᠲᠦᠴᠡ ᠶᠢᠨ ᠰᠢᠯᠢᠳᠡᠭᠵᠢᠬᠦ ᠪᠠᠶᠢᠳᠠᠯ ᠢᠯᠡᠷᠬᠡᠢ ᠪᠠᠶᠢᠨ᠎ᠠ

2017-12-12 / ᠬᠦᠬᠡᠬᠣᠲᠠ


ᠦᠨᠦ ᠵᠢᠯ ᠡᠴᠡ ᠨᠠᠰᠢ᠂ ᠦᠪᠦᠷ ᠮᠣᠩᠭᠣᠯ ᠲᠤᠳᠤᠭᠠᠲᠤ ᠬᠡᠷᠡᠭᠴᠡᠭᠡᠨ ᠤ ᠪᠤᠯᠤᠮᠵᠢ ᠪᠡᠨ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢᠨ ᠭᠤᠤᠯᠳᠠᠯᠭ᠎ᠠ ᠶᠢᠨ ᠭᠤᠭᠴᠤᠭ᠎ᠠ ᠪᠤᠯᠤᠨ ᠪᠠᠭᠤᠷᠠᠢ ᠭᠤᠭᠴᠤᠭ᠎ᠠ ᠶᠢ ᠲᠦᠪᠯᠡᠷᠡᠭᠦᠯᠵᠤ᠂ ᠳᠡᠳ᠋ ᠪᠦᠲᠦᠴᠡ ᠪᠤᠯᠤᠨ ᠦᠢᠯᠡᠳᠬᠦ ᠦᠢᠯᠡᠰ᠂ ᠭᠤᠷᠪᠠᠳᠤᠭᠠᠷ ᠠᠵᠤ ᠦᠢᠯᠡᠰ ᠵᠢᠴᠢ ᠰᠢᠨ᠎ᠠ ᠪᠡᠷ ᠮᠠᠨᠳᠤᠵᠤ ᠪᠠᠶᠢᠭ᠎ᠠ ᠰᠠᠯᠪᠤᠷᠢ ᠶᠢᠨ ᠳᠠᠪᠠᠭᠤᠯᠢᠭ ᠲᠦᠰᠦᠯ᠂ ᠬᠦᠨᠳᠤ ᠴᠢᠬᠤᠯᠠ ᠲᠦᠰᠦᠯ ᠳᠤ ᠬᠦᠷᠦᠩᠭᠡ ᠤᠷᠤᠭᠤᠯᠬᠤ ᠬᠦᠴᠦᠯᠡᠴᠡ ᠪᠡᠨ ᠴᠢᠩᠭᠠᠳᠬᠠᠭᠰᠠᠨ ᠢᠶᠡᠷ ᠤᠷᠤᠨ ᠳᠠᠶᠠᠭᠠᠷ ᠤᠨ ᠲᠤᠭᠲᠠᠮᠠᠯ ᠬᠦᠷᠦᠩᠭᠡ ᠶᠢᠨ ᠬᠦᠷᠦᠩᠭᠡ ᠤᠷᠤᠭᠤᠯᠤᠯᠲᠠ ᠶᠢᠨ ᠪᠦᠲᠦᠴᠡ ᠶᠢᠨ ᠰᠢᠯᠢᠳᠡᠭᠵᠢᠬᠦ ᠪᠠᠶᠢᠳᠠᠯ ᠢᠯᠡᠷᠬᠡᠢ ᠪᠤᠯᠪᠠ᠃

ᠦᠨᠦ ᠵᠢᠯ ᠤᠨ ᠲᠦᠷᠦᠬᠦᠦ ᠭᠤᠷᠪᠠᠨ ᠤᠯᠠᠷᠢᠯ ᠳᠤ᠂ ᠤᠷᠤᠨ ᠳᠠᠶᠠᠭᠠᠷ ᠤᠨ ᠭᠤᠷᠪᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ ᠲᠤᠭᠲᠠᠮᠠᠯ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶᠠᠨ ᠪ 53.8% ᠶᠢ ᠡᠵᠡᠯᠡᠵᠤ᠂ ᠠᠳᠠᠯᠢ ᠬᠤᠭᠤᠴᠠᠭᠠᠨ  ᠳᠡᠬᠢ ᠬᠤᠶᠠᠳᠤᠭᠠᠷ ᠠᠵᠤ ᠦᠢᠯᠡᠰ ᠤᠨ ᠬᠦᠷᠦᠩᠭᠡ ᠤᠷᠤᠭᠤᠯᠤᠯᠲᠠ ᠶᠢᠨ ᠬᠠᠷᠢᠴᠠᠯ ᠡᠴᠡ ᠵᠠᠭᠤᠨ ᠤ ᠬᠠᠷᠢᠴᠠᠯ ᠢᠶᠡᠷ 13.8 ᠪᠡᠷ ᠦᠨᠳᠦᠷ ᠪᠠᠶᠢᠯ᠎ᠠ᠃ ᠡᠭᠦᠨ ᠡᠴᠡ ᠭᠠᠳᠠᠨ᠎ᠠ᠂ ᠦᠢᠯᠡᠳᠬᠦ ᠦᠢᠯᠡᠰ ᠲᠤ ᠬᠦᠷᠦᠩᠭᠡ ᠤᠷᠤᠭᠤᠯᠬᠤ ᠪᠤᠯᠤᠨ ᠳᠡᠳ᠋ ᠪᠦᠲᠦᠴᠡ ᠳᠤ ᠬᠦᠷᠦᠩᠭᠡ ᠤᠷᠤᠭᠤᠯᠬᠤ ᠨᠢ ᠲᠤᠰ ᠪᠦᠷᠢ ᠤᠷᠤᠨ ᠳᠠᠶᠠᠭᠠᠷ ᠤᠨ ᠲᠤᠭᠲᠠᠮᠠᠯ ᠬᠦᠷᠦᠩᠭᠡ ᠤᠷᠤᠭᠤᠯᠤᠯᠲᠠ ᠶᠢᠨ ᠶᠡᠷᠦᠩᠬᠡᠢ ᠬᠡᠮᠵᠢᠶᠠᠨ ᠤ 23.3% ᠪᠤᠯᠤᠨ 39.4% ᠶᠢ ᠡᠵᠡᠯᠡᠨ᠎ᠠ᠃ ᠰᠤᠷᠠᠭ ᠵᠠᠩᠭᠢ ᠳᠠᠮᠵᠢᠭᠤᠯᠬᠤ᠂ ᠰᠤᠹᠲ ᠪᠤᠯᠤᠨ ᠰᠤᠷᠠᠭ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ  ᠳᠡᠬᠢ ᠬᠦᠷᠦᠩᠭᠡ ᠤᠷᠤᠭᠤᠯᠤᠯᠲᠠ ᠶᠢᠨ ᠨᠡᠮᠡᠭᠳᠡᠴᠡ ᠨᠡᠯᠢᠶᠡᠳ ᠬᠤᠷᠳᠤᠨ ᠪᠦᠭᠡᠳ ᠰᠢᠨᠵᠢᠯᠡᠬᠦ ᠤᠬᠠᠭᠠᠨ ᠰᠤᠳᠤᠯᠭ᠎ᠠ ᠪᠤᠯᠤᠨ ᠮᠡᠷᠭᠡᠵᠢᠯ ᠤᠨ ᠦᠢᠯᠡᠴᠢᠯᠡᠭᠡ  ᠳᠡᠬᠢ ᠬᠦᠷᠦᠩᠭᠡ ᠤᠷᠤᠭᠤᠯᠤᠯᠲᠠ ᠮᠦᠨ ᠨᠡᠯᠢᠶᠡᠳ ᠬᠤᠷᠳᠤᠨ ᠪᠠᠶᠢᠪᠠ᠂ ᠬᠤᠶᠠᠷ ᠲᠦᠰᠦᠯ ᠤᠨ ᠬᠦᠷᠦᠩᠭᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠤᠰ ᠪᠦᠷᠢ 73.7% ᠪᠤᠯᠤᠨ 54.5% ᠳᠤ ᠬᠦᠷᠴᠠᠢ᠃