ᠵᠠᠮ ᠬᠠᠷᠢᠯᠴᠠᠭᠠᠨ ᠤ ᠠᠮᠤᠷ ᠲᠦᠪᠰᠢᠨ ᠦ ᠲᠤᠬᠠᠶ ᠲᠡᠮᠳᠡᠭᠯᠡᠯ  

2017-12-27 / ᠬᠦᠬᠡᠬᠣᠲᠠ



2017122792418246

ᠦᠢᠷ᠎ᠠ ᠶᠢᠨ ᠡᠳᠦᠷ ᠂ ᠬᠥᠬᠡᠬᠣᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠭᠤᠳ ᠬᠠᠷᠢᠶ᠎ᠠ ᠂ ᠡᠭᠦᠷᠭᠡ ᠭᠦᠢᠴᠡᠳᠬᠡᠵᠦ ᠬᠠᠤᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠳᠤᠮᠳᠠ ᠠᠩᠭᠢ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥ᠍ᠪ  ᠤᠨ ᠠᠷᠠᠳ ᠤᠨ ᠴᠠᠭᠳᠠᠭ᠎ᠠ ᠰᠠᠶᠢᠬᠠᠨ ᠲᠣᠭᠣᠷᠢᠭ ᠤᠨ ᠮᠣᠩᠭᠣᠯ ᠦᠨᠳᠦᠰᠦᠲᠡᠨ ᠦ ᠬᠡᠦᠬᠡᠳ ᠦᠨ ᠴᠡᠴᠡᠷᠯᠢᠭ  ᠳᠦ ᠬᠦᠷᠴᠦ ᠂《 ᠵᠠᠮ ᠬᠠᠷᠢᠯᠴᠠᠭᠠᠨ ᠤ ᠠᠮᠤᠷ ᠲᠦᠪᠰᠢᠨ ᠦ ᠲᠤᠬᠠᠶ ᠲᠡᠮᠳᠡᠭᠯᠡᠯ 》 ᠭᠡᠬᠦ ᠭᠣᠣᠯ ᠰᠡᠳᠦᠪᠲᠦ ᠤᠬᠠᠭᠤᠯᠭ᠎ᠠ ᠶᠢᠨ ᠬᠦᠳᠡᠯᠬᠡᠬᠡᠨ ᠥᠷᠨᠢᠭᠦᠯᠵᠤ ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠢ ᠶᠢᠨ ᠰᠣᠷᠢᠯᠲᠠ ᠂ ᠬᠡᠷᠡᠭ ᠦᠨ ᠲᠠᠯᠠᠪᠠᠢ ᠶᠢᠨ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠡᠷ ᠬᠢᠯᠪᠠᠷ ᠣᠶᠢᠯᠠᠭᠠᠮᠵᠢᠲᠠᠶ ᠦᠭᠡ ᠬᠡᠯᠡ ᠪᠠ ᠲᠤᠢᠢᠯ  ᠤᠨ ᠠᠮᠢᠳᠤᠯᠢᠭ ᠺᠠᠷᠲ᠋ᠣᠨ ᠵᠢᠷᠤᠭ ᠂ ᠵᠢᠷᠤᠮᠯᠠᠬᠤ ᠲᠤᠰᠢᠶᠠᠵᠤ ᠂ ᠲᠦᠷᠢᠮ ᠲᠣᠭᠲᠠᠭᠠᠯ ᠂ ᠠᠮᠤᠷ ᠲᠦᠪᠰᠢᠨ ᠦ ᠰᠡᠷᠭᠡᠶᠢᠯᠡᠨ ᠬᠠᠮᠠᠭᠠᠯᠠᠬᠤ ᠪᠠ ᠲᠠᠨᠢᠨ ᠮᠡᠳᠡᠬᠦᠶ ᠶᠢᠨ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ ᠂ ᠲᠥᠬᠥᠭᠡᠷᠦᠮᠵᠢ ᠵᠡᠷᠭᠡ ᠬᠡᠳᠦᠨ ᠲᠠᠯ᠎ᠠ ᠪᠠᠷ ᠬᠡᠦᠬᠡᠳ  ᠳᠦ ᠨᠠᠷᠢᠨ ᠲᠠᠨᠢᠯᠴᠠᠭᠤᠯᠪᠠ ᠃