ᠠᠩᠬᠠᠳᠤᠭᠠᠷ ᠬᠤᠭᠤᠴᠠᠭᠠᠨ ᠤ ᠬᠥᠬᠡᠬᠣᠲᠠ  ᠶᠢᠨ ᠣᠯᠠᠨ ᠤᠯᠤᠰ ᠤᠨ ᠠᠮᠲᠠᠲᠤ ᠢᠳᠡᠭᠡᠨ ᠤᠯᠤᠰ ᠤᠨ ᠦᠵᠡᠰᠬᠦᠯᠡᠩ ᠦᠨ ᠴᠤᠭᠯᠠᠭᠠᠨ ᠵᠢᠴᠢ ᠬᠥᠬᠡᠬᠣᠲᠠ ᠶᠢᠨ ᠮᠥᠰᠥ ᠴᠠᠰᠤᠨ ᠤ ᠵᠢᠭᠤᠯᠴᠢᠯᠠᠯ  ᠥᠨ ᠰᠣᠶᠣᠯ  

2018-01-02 / ᠬᠦᠬᠡᠬᠣᠲᠠ



20171228144652508
ᠵᠤᠨ ᠤ ᠲᠠᠯ᠎ᠠ ᠨᠤᠲᠤᠭ ᠤᠨ ᠥᠩᠭᠡ ᠦᠵᠡᠮᠵᠢ ᠬᠡᠭᠡᠨᠴᠢᠷ ᠰᠠᠶᠢᠬᠠᠨ ᠂ ᠡᠪᠦᠯ ᠦᠨ ᠤᠯᠠᠷᠢᠯ ᠳᠤ ᠴᠢᠩ ᠴᠧᠩ ᠨᠡᠩ ᠢᠯᠡᠭᠦᠦ ᠠᠮᠢᠳᠤᠯᠢᠭ ᠬᠦᠴᠦᠨ ᠲᠡᠶ ᠃ ᠥᠴᠥᠭᠡᠳᠦᠷ ᠰᠥᠨᠢ ᠂ ᠠᠩᠬᠠᠳᠤᠭᠠᠷ ᠬᠤᠭᠤᠴᠠᠭᠠᠨ ᠤ ᠬᠥᠬᠡᠬᠣᠲᠠ  ᠶᠢᠨ ᠣᠯᠠᠨ ᠤᠯᠤᠰ ᠤᠨ ᠠᠮᠲᠠᠲᠤ ᠢᠳᠡᠭᠡᠨ ᠂ ᠤᠯᠤᠰ ᠤᠨ ᠦᠵᠡᠰᠬᠦᠯᠡᠩ ᠦᠨ ᠴᠤᠭᠯᠠᠭᠠᠨ ᠵᠢᠴᠢ ᠬᠥᠬᠡᠬᠣᠲᠠ ᠶᠢᠨ ᠮᠥᠰᠥ ᠴᠠᠰᠤᠨ ᠤ ᠵᠢᠭᠤᠯᠴᠢᠯᠠᠯ  ᠥᠨ ᠰᠣᠶᠣᠯ  ᠥᠨ ᠠᠵᠢᠯᠯᠠᠭ᠎ᠠ ᠥᠪᠥᠷ ᠮᠣᠩᠭᠣᠯ ᠤᠨ ᠴᠥᠭᠡᠨ ᠲᠣᠭᠠᠲᠤ ᠦᠨᠳᠦᠰᠦᠲᠡᠨ ᠦ ᠤᠯᠠᠨ ᠲᠦᠮᠡᠨ ᠦ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠦ ᠲᠥᠪ ᠲᠦ ᠡᠬᠢᠯᠡᠪᠡ ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠬᠣᠲᠠ ᠶᠢᠨ ᠨᠠᠮ ᠤᠨ ᠬᠣᠷᠢᠶᠠᠨ ᠤ ᠱᠦᠵᠢ ᠶᠦᠨ ᠭᠤᠸᠠᠩ ᠵᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠠᠶᠢᠨ᠎ᠠ ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠤᠤᠯ ᠤᠨ ᠳᠡᠳ᠋ ᠳᠠᠷᠤᠭ᠎ᠠ ᠂ ᠳᠤᠮᠳᠠᠳᠤ ᠤᠯᠤᠰ ᠤᠨ ᠬᠤᠳᠠᠯᠳᠤᠭᠠᠨ ᠤ ᠬᠣᠯᠪᠣᠭᠠᠲᠤ ᠬᠤᠷᠠᠯ ᠤᠨ ᠤᠤᠯ ᠤᠨ ᠳᠠᠷᠤᠭ᠎ᠠ ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠦ ᠠᠵᠤ ᠠᠬᠤᠶ ᠶᠢᠨ ᠺᠣᠮᠢᠰ ᠤᠨ ᠳᠡᠳ᠋ ᠡᠷᠬᠢᠯᠡᠭᠴᠢ ᠨᠡᠶᠢᠲᠡᠯᠡᠭᠰᠡᠨ  ᠨᠢ ᠄ ᠠᠩᠬᠠᠳᠤᠭᠠᠷ ᠬᠤᠭᠤᠴᠠᠭᠠᠨ ᠤ ᠬᠥᠬᠡᠬᠣᠲᠠ  ᠶᠢᠨ ᠣᠯᠠᠨ ᠤᠯᠤᠰ ᠤᠨ ᠠᠮᠲᠠᠲᠤ ᠢᠳᠡᠭᠡᠨ᠂ ᠤᠯᠤᠰ ᠤᠨ ᠦᠵᠡᠰᠬᠦᠯᠡᠩ ᠦᠨ ᠴᠤᠭᠯᠠᠭᠠᠨ ᠵᠢᠴᠢ ᠬᠥᠬᠡᠬᠣᠲᠠ ᠶᠢᠨ ᠮᠥᠰᠥ ᠴᠠᠰᠤᠨ ᠤ ᠵᠢᠭᠤᠯᠴᠢᠯᠠᠯ  ᠥᠨ ᠰᠣᠶᠣᠯ  ᠥᠨ ᠠᠵᠢᠯᠯᠠᠭ᠎ᠠ ᠡᠬᠢᠯᠡᠪᠡ ᠃ ᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠬᠤᠳᠡ ᠶᠢᠨ ᠣᠷᠣᠯᠠᠭᠴᠢ ᠳᠠᠷᠤᠭ᠎ᠠ , ᠥᠪᠥᠷ ᠮᠣᠩᠭᠣᠯ ᠤᠨ ᠬᠣᠷᠢᠨᠭᠡᠷ ᠰᠢᠨ᠎ᠡ ᠲᠣᠭᠣᠷᠢᠭ ᠤᠨ ᠨᠠᠮ ᠤᠨ ᠠᠵᠢᠯᠯᠠᠬᠤ ᠬᠣᠷᠢᠶᠠᠨ ᠤ ᠱᠦᠵᠢ ᠹᠸᠩ ᠢᠦᠶ ᠵᠧᠨ ᠶᠠᠷᠢᠶ᠎ᠠ ᠲᠠᠯᠪᠢᠵᠠᠶ ᠃ ᠹᠸᠩ ᠢᠦᠶ ᠵᠧᠨ ᠶᠠᠷᠢᠶᠠᠨ ᠳᠠᠭᠠᠨ ᠶᠠᠭᠤᠨ ᠤ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠣᠲᠠ ᠶᠢᠨ ᠨᠠᠮ ᠤᠨ ᠬᠣᠷᠢᠶ᠎ᠠ ᠶᠢᠨ ᠂ ᠬᠤᠲᠠ ᠶᠢᠨ ᠠᠷᠠᠳ ᠣᠨ ᠵᠠᠰᠠᠭ ᠣᠨ ᠣᠷᠳᠣᠨ , ᠤᠷᠤᠭᠤ ᠤᠷᠢᠯᠭ᠎ᠠ ᠪᠠᠷ ᠡᠬᠢᠯᠡᠬᠦ ᠶᠣᠰᠣᠯᠠᠯ ᠳᠤ ᠣᠷᠣᠯᠴᠠᠭᠰᠠᠨ ᠬᠦᠨᠳᠦᠲᠦ ᠵᠣᠴᠢᠳ  ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠷᠬᠡᠶᠢᠯᠡᠶ᠎ᠡ ᠂ ᠲᠥᠯᠥᠭᠡᠯᠡᠨ ᠰᠣᠷᠢᠯᠲᠠ ᠳᠤ ᠣᠷᠣᠯᠴᠠᠬᠤ ᠪᠠ ᠲᠣᠰ ᠤᠳᠠᠭᠠᠨ ᠤ ᠠᠵᠢᠯᠯᠠᠭᠠᠨ ᠢ ᠪᠡᠯᠡᠳᠬᠡᠵᠦ ᠪᠠᠶᠢᠭ᠎ᠠ ᠠᠵᠢᠯᠲᠠᠨ ᠵᠢᠴᠢ ᠤᠷᠲᠤ ᠬᠤᠭᠤᠴᠠᠭᠠᠨ ᠤ ᠲᠤᠷᠰᠢ ᠠᠩᠬᠠᠷᠴᠤ ᠂ ᠳᠡᠮᠵᠢᠵᠦ ᠂ ᠬᠥᠬᠡᠬᠣᠲᠠ ᠶᠢᠨ ᠬᠥᠭᠵᠢᠯᠲᠡ ᠶᠢᠨ ᠡᠯ᠎ᠡ ᠡᠲᠡᠭᠡᠳ ᠦᠨ ᠨᠠᠶᠢᠵᠢ ᠨᠠᠷ  ᠢᠶᠠᠨ ᠲᠥᠯᠥᠭᠡᠯᠡᠨ ᠴᠢᠩ ᠰᠡᠳᠬᠢᠯ ᠦᠨ ᠲᠠᠯᠠᠷᠬᠠᠯᠠᠯ ᠢᠶᠠᠨ ᠳᠡᠪᠰᠢᠭᠦᠯᠦᠶ᠎ᠡ ᠃ ᠹᠸᠩ ᠢᠦᠶ ᠵᠧᠨ ᠬᠡᠯᠡᠬᠦ ᠳᠡᠭᠡᠨ ᠂ ᠬᠥᠬᠡᠬᠣᠲᠠ ᠶᠢᠨ ᠬᠣᠪᠣᠷ ᠨᠠᠨᠳᠢᠨ ᠂ ᠭᠠᠷᠮᠠᠭᠠᠶ ᠬᠥᠮᠦᠨ ᠭᠠᠶᠢᠬᠠᠮᠰᠢᠭᠲᠤ ᠣᠷᠣᠨ , ᠪᠠᠶᠢᠭᠠᠯᠢ ᠶᠢᠨ ᠥᠩᠭᠡ ᠦᠵᠡᠮᠵᠢ ᠬᠡᠭᠡᠨᠴᠢᠷ ᠰᠠᠶᠢᠬᠠᠨ ᠂ ᠰᠣᠶᠣᠯ ᠤᠨ ᠡᠯᠪᠡᠭ ᠨᠥᠭᠡᠴᠡ ᠲᠡᠶ ᠂ ᠭᠠᠵᠠᠷ ᠵᠦᠶ ᠶᠢᠨ ᠪᠠᠶᠢᠷᠢᠯᠠᠯ ᠳᠠᠪᠠᠭᠤᠯᠢᠭ ᠪᠠᠶᠢᠳᠠᠭ ᠪᠣᠯ ᠤᠯᠤᠰ ᠤᠨ ︽ ᠨᠢᠭᠡ ᠪᠦᠰᠡ ᠨᠢᠭᠡ ᠵᠠᠮ 》  ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠂ ᠳᠤᠮᠳᠠᠳᠤ ᠤᠯᠤᠰ ᠤᠨ ᠰᠢᠯᠢᠳᠡᠭ ᠵᠤᠭᠠᠴᠠᠯ ᠤᠨ ᠬᠣᠲᠠ ᠪᠣᠯᠤᠨ᠎ᠠ ᠃ ᠣᠶᠢᠷ᠎ᠠ ᠶᠢᠨ ᠵᠢᠯ ᠡᠴᠡ ᠨᠠᠰᠢ ᠂ ᠪᠥᠬᠥ ᠬᠣᠲᠠ ᠶᠢᠨ ᠳᠡᠭᠡᠷ᠎ᠡ ᠳᠣᠣᠷ᠎ᠠ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠠᠷᠪᠠᠨ ᠨᠠᠶᠮᠠᠳᠤᠭᠠᠷ ᠶᠡᠬᠡ ᠬᠤᠷᠠᠯ ᠂ ᠠᠷᠪᠠ ᠶᠢᠰᠦᠳᠦᠭᠡᠷ ᠶᠡᠬᠡ ᠬᠤᠷᠠᠯ  ᠤᠨ ᠵᠣᠷᠢᠭ ᠰᠠᠨᠠᠭ᠎ᠠ ᠂ ᠰᠢ ᠶᠢᠨ ᠫᠢᠩ ᠰᠢᠨ᠎ᠡ ᠴᠠᠭ   ᠥᠨᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ ᠂ ᠵᠠᠮ ᠨᠡᠭᠡᠭᠡᠨ ᠰᠢᠨ᠎ᠡ ᠶᠢ ᠡᠭᠦᠳᠬᠦ , ᠠᠵᠤ ᠠᠬᠤᠶ ᠨᠡᠶᠢᠭᠡᠮ ᠦᠨ ᠪᠦᠬᠦ ᠲᠠᠯ᠎ᠠ ᠶᠢᠨ ᠬᠥᠭᠵᠢᠯᠲᠡ ᠶᠢ ᠬᠠᠮᠲᠤᠪᠠᠷ ᠪᠢᠴᠢᠭᠯᠡᠵᠦ ᠭᠠᠷᠭᠠᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠃ ᠹᠸᠩ ᠢᠦᠶ ᠵᠧᠨ ᠲᠠᠯᠪᠢᠭᠰᠠᠨ ᠶᠠᠷᠢᠶᠠᠨ ᠳᠠᠭᠠᠨ ᠂ ᠬᠥᠬᠡᠬᠣᠲᠠ ᠶᠢᠨ ᠡᠮᠦᠨ᠎ᠡ ᠬᠡᠰᠡᠭ  ᠨᠢ ᠂ ᠲᠠᠷᠢᠶᠠᠯᠠᠭ᠎ᠠ ᠶᠢᠨ ᠰᠣᠶᠣᠯ , ᠬᠠᠲᠤᠨ ᠭᠣᠣᠯ ᠤᠨ ᠰᠣᠶᠣᠯ , ᠲᠠᠯ᠎ᠠ ᠨᠤᠲᠤᠭ ᠤᠨ ᠰᠣᠶᠣᠯ  ᠬᠠᠷᠢᠯᠴᠠᠨ ᠢᠳᠡᠭᠡᠰᠢᠵᠦ ᠂ ᠲᠦᠮᠡᠨ ᠭᠠᠵᠠᠷ ᠤᠨ ᠴᠠᠢ ᠶᠢᠨ ᠵᠠᠮ ᠂ ᠤᠷᠳᠦ ᠴᠠᠭᠠᠨ ᠬᠡᠷᠡᠮ , ᠸᠠᠨ ᠯᠢ ᠂ ᠬᠠᠲᠤᠨ ᠭᠣᠣᠯ  ᠬᠠᠷᠢᠯᠴᠠᠨ ᠨᠡᠶᠢᠯᠡᠯᠴᠡᠵᠦ ᠂ ᠡᠯᠪᠡᠭ ᠳᠡᠯᠪᠡᠭ ᠰᠣᠶᠣᠯ ᠤᠨ ᠡᠬᠢ ᠪᠠᠶᠠᠯᠢᠭ ᠂ ᠥᠪᠡᠷᠮᠢᠴᠡ ᠣᠨᠴᠠᠯᠢᠭ ᠪᠦᠬᠦᠢ ᠭᠠᠵᠠᠷ ᠣᠷᠣᠨ ᠤ ᠳᠦᠷᠰᠦ ᠪᠠᠶᠢᠳᠠᠯ ᠂ ᠪᠣᠶᠢᠵᠢᠭᠤᠯᠤᠭᠰᠠᠨ ᠲᠤᠶᠢᠯ ᠤᠨ ᠣᠷᠣᠨ ᠨᠤᠲᠤᠭ ᠤᠨ ᠣᠨᠴᠠᠯᠢᠭ  ᠲᠠᠶ ᠢᠳᠡᠭᠡᠨ ᠤᠮᠳᠠᠭᠠᠨ ᠤ ᠰᠣᠶᠣᠯ ᠂ ᠨᠢᠭᠡ ᠪᠦᠯᠦᠭ ᠥᠪᠡᠷᠮᠢᠴᠡ ᠣᠨᠴᠠᠯᠢᠭ ᠲᠠᠶ ᠠᠮᠲᠠᠲᠤ ᠢᠳᠡᠭᠡᠨ ᠳᠡᠯᠡᠬᠡᠶ ᠳ᠋ᠠᠬᠢᠨ᠎ᠠ ᠠᠯᠳᠠᠷᠰᠢᠭᠤᠯᠤᠭᠰᠠᠨ ᠪᠠᠶᠢᠨ᠎ᠠ ᠃ ᠬᠥᠬᠡᠬᠣᠲᠠ ᠶᠢᠨ ᠪᠡᠯᠡᠳᠬᠡᠵᠦ ᠪᠠᠶᠢᠭ᠎ᠠ ᠡᠨᠡ ᠤᠳᠠᠭ᠎ᠠ ᠶᠢᠨ ᠠᠮᠲᠠᠲᠤ ᠢᠳᠡᠭᠡᠨ ᠦᠵᠡᠰᠬᠦᠯᠡᠩ ᠂ ᠳᠠᠷᠤᠶ ᠠᠮᠲᠠᠲᠤ ᠢᠳᠡᠭᠡᠨ ᠭᠡᠰᠡᠨ ᠨᠡᠷ᠎ᠡ ᠪᠡᠷ ᠢᠷᠡᠭᠰᠡᠨ ᠪᠦᠬᠦ ᠤᠯᠤᠰ ᠤᠨ 21 ᠮᠤᠵᠢ ᠣᠷᠣᠨ , ᠬᠤᠳᠠ ᠵᠢᠴᠢ ᠮᠣᠩᠭᠣᠯ ᠤᠯᠤᠰ ᠂ ᠣᠷᠣᠰ ᠤᠨ ᠵᠣᠴᠢᠨ ᠂ ᠬᠠᠮᠲᠤ ᠪᠠᠷ ᠰᠣᠨᠢᠷᠬᠠᠬᠤ ᠲᠣᠭᠣᠭᠠᠯᠠᠬᠤ ᠮᠡᠷᠭᠡᠵᠢᠯ ᠲᠣᠭᠯᠠᠬᠤ ᠂ ᠰᠢᠯᠭᠠᠨ ᠲᠣᠭᠲᠠᠭᠠᠵᠤ ᠣᠨᠴᠠᠯᠢᠭ ᠪᠦᠬᠦᠢ ᠵᠠᠭᠤᠰᠢ ᠪᠣᠯᠭᠠᠵᠤ ᠂ ᠬᠠᠮᠲᠤᠪᠠᠷ ᠮᠣᠩᠭᠣᠯ ᠬᠣᠭᠣᠯᠠ  ᠶᠢ ᠪᠠᠬᠠᠷᠠᠨ ᠰᠣᠨᠢᠷᠬᠠᠬᠤ ᠨᠢ ᠠᠤᠭ᠎ᠠ ᠰᠦᠷᠯᠢᠭ ᠬᠠᠷᠠᠭᠠᠳᠠᠵᠦ᠂ ᠬᠠᠮᠲᠤ ᠶᠢᠨ ᠣᠶᠢᠯᠠᠭᠠᠯᠲᠠ  ᠳᠦ ᠮᠣᠩᠭᠣᠯ ᠬᠣᠭᠣᠯᠠ ᠰᠣᠶᠣᠯ ᠤᠨ ᠥᠪᠡᠷᠮᠢᠴᠡ ᠲᠠᠲᠠᠬᠤ ᠬᠦᠴᠦᠨ ᠲᠡᠶ ᠪᠠᠶᠢᠭ᠎ᠠ ᠶᠤᠮ ᠃ ᠦᠨᠳᠦᠰᠦᠲᠡᠨ ᠤ ᠵᠠᠩ ᠦᠢᠯᠡ ᠶᠢᠨ ᠰᠣᠶᠣᠯ ᠬᠠᠷᠢᠯᠴᠠᠨ ᠠᠭᠤᠰᠬᠠᠨ ᠰᠢᠩᠭᠡᠭᠡᠭᠰᠡᠨ ᠪᠣᠯᠬᠣᠷ ᠂ 《 ᠮᠥᠰᠥ ᠴᠠᠰᠤᠨ ᠤ ᠵᠠᠩ ᠦᠢᠯᠡ 》 ᠂ 《 ᠮᠥᠰᠥ ᠴᠠᠰᠤᠨ ᠤ ᠪᠡᠶ᠎ᠡ ᠶᠢᠨ ᠲᠠᠮᠢᠷ 》 ᠂ 《 ᠮᠥᠰᠥ ᠴᠠᠰᠤᠨ ᠤ ᠰᠣᠶᠣᠯ ︾ ᠵᠡᠷᠭᠡ ᠶᠢᠨ ᠭᠦᠨᠵᠡᠭᠡᠶ ᠠᠭᠤᠰᠤᠯᠳᠤᠯ ᠢ ᠡᠪᠦᠯ ᠦᠨ ᠤᠨᠴᠠᠯᠢᠭᠲᠦ ᠵᠢᠭᠤᠯᠴᠢᠯᠠᠯ ᠤᠨ ᠦᠢᠯᠡᠳᠬᠦᠨ ᠢ ᠵᠢᠭᠤᠯᠴᠢᠯᠠᠯ ᠤᠨ ᠬᠣᠯᠪᠣᠭᠳᠠᠯ ᠪᠦᠬᠦᠢ ᠠᠵᠤ ᠦᠢᠯᠡᠰ ᠲᠡᠶ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ ᠂ ᠬᠦᠢᠲᠡᠨ ᠡᠬᠢ ᠪᠠᠶᠠᠯᠢᠭ  ᠢ ᠪᠠᠳᠠᠷᠠᠭᠤᠵᠠᠢ᠃ ᠡᠬᠢᠯᠡᠬᠦ ᠶᠣᠰᠣᠯᠠᠯ 《 ᠮᠢᠩᠭᠠᠨ ᠭᠠᠯᠪᠠ  ᠶᠢᠨ ᠮᠣᠷᠢᠨ ᠤ ᠮᠠᠭᠲᠠᠭᠤ 》 ᠢᠢ ᠲᠣᠭᠯᠠᠯᠲᠠ ᠢᠨ ᠳᠤᠮᠳᠠ ᠡᠬᠢᠯᠡᠪᠡ ᠃ ᠣᠶᠢᠯᠠᠭᠠᠭᠰᠠᠨ ᠢᠶᠠᠷ ᠂ ᠠᠩᠬᠠᠳᠤᠭᠠᠷ ᠬᠤᠭᠤᠴᠠᠭᠠᠨ ᠤ ᠬᠥᠬᠡᠬᠣᠲᠠ  ᠶᠢᠨ ᠣᠯᠠᠨ ᠤᠯᠤᠰ ᠤᠨ ᠠᠮᠲᠠᠲᠤ ᠢᠳᠡᠭᠡᠨ ᠤᠯᠤᠰ ᠤᠨ ᠦᠵᠡᠰᠬᠦᠯᠡᠩ ᠦᠨ ᠴᠤᠭᠯᠠᠭᠠᠨ ᠵᠢᠴᠢ ᠬᠥᠬᠡᠬᠣᠲᠠ ᠶᠢᠨ ᠮᠥᠰᠥ ᠴᠠᠰᠤᠨ ᠤ ᠵᠢᠭᠤᠯᠴᠢᠯᠠᠯ  ᠥᠨ ᠰᠣᠶᠣᠯ  ᠥᠨ ᠠᠵᠢᠯᠯᠠᠭ᠎ᠠ  ᠤ ᠡᠳᠦᠷ ᠥᠪᠥᠷ ᠮᠣᠩᠭᠣᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠦᠨ ᠲᠥᠪ ᠲᠦ ᠂ ᠥᠪᠥᠷ ᠮᠣᠩᠭᠣᠯ ᠤᠨ ᠴᠥᠭᠡᠨ ᠲᠣᠭᠠᠲᠤ ᠦᠨᠳᠦᠰᠦᠲᠡᠨ ᠦ ᠤᠯᠠᠨ ᠲᠦᠮᠡᠨ ᠦ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠪ ᠲᠥᠪ ᠪᠠ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠶᠠᠪᠤᠭᠳᠠᠪᠠ ᠃ ᠦᠵᠡᠰᠬᠦᠯᠡᠩ ᠦᠨ ᠴᠤᠭᠯᠠᠭᠠᠨ ᠤ ᠬᠤᠭᠤᠴᠠᠭᠠᠨ ᠳᠤ ᠂ ᠥᠪᠥᠷ ᠮᠣᠩᠭᠣᠯ ᠤᠨ ᠤᠷᠠᠯᠢᠭ ᠤᠨ ᠲᠢᠶᠠᠲ᠋ᠷ ᠤᠨ ᠪᠠᠭᠲᠠᠭᠠᠭᠰᠠᠨ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠵᠣᠬᠢᠶᠠᠨ ᠪᠠᠶᠢᠭᠤᠯᠤᠯᠲᠠ ᠪᠠᠭᠲᠠᠨ᠎ᠠ 8 ᠲᠣᠮᠣ ᠬᠡᠯᠪᠡᠷᠢ  ᠶᠢᠨ ᠰᠢᠯᠢᠳᠡᠭ ᠵᠦᠴᠦᠭᠡ 14 ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠃ ᠲᠤᠰ ᠬᠤᠭᠤᠴᠠᠭᠠᠨ ᠤ ᠠᠮᠲᠠᠲᠤ ᠢᠳᠡᠭᠡᠨ ᠦᠵᠡᠭᠦᠯᠦᠯᠭᠡ  ᠶᠢᠨ ᠴᠤᠭᠯᠠᠭᠠᠨ ᠤ ᠳᠡᠯᠭᠡᠨ ᠦᠵᠡᠭᠦᠯᠦᠯᠭᠡ ᠠᠵᠢᠯᠯᠠᠭ᠎ᠠ  ᠨᠢ 《 ᠬᠡᠷᠡᠭᠯᠡᠭᠡ  ᠶᠢ ᠠᠬᠢᠭᠤᠯᠬᠤ  ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ 》  ᠪᠠᠷ ᠭᠣᠣᠯ ᠰᠡᠳᠦᠪ ᠪᠣᠯᠭᠠᠵᠤ ᠂ ᠲᠠᠪᠤᠨ ᠶᠡᠬᠡ ᠬᠠᠪᠲᠠᠭᠠᠶ ᠬᠡᠰᠡᠭ ᠬᠤᠪᠢᠶᠠᠵᠤ ᠪᠣᠯᠤᠨ᠎ᠠ ᠂ ᠡᠭᠦᠨ ᠳᠦ ᠄ ᠤᠯᠤᠰ ᠤᠨ ᠳᠣᠲᠣᠭᠠᠳᠤ ᠶᠢᠨ ᠡᠯ᠎ᠡ ᠮᠤᠵᠢ ᠬᠤᠳᠠ ᠶᠢᠨ  ᠬᠢᠨ ᠣᠨᠴᠠᠯᠢᠭ ᠪᠦᠬᠦᠢ ᠢᠳᠡᠭᠡᠨ ᠳᠡᠯᠭᠡᠬᠦ 《 ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠪᠠ ᠬᠠᠶᠢᠷ᠎ᠠ  ᠲᠠᠶ ᠬᠠᠮᠲᠤ ᠠᠶᠠᠯᠠᠨᠠᠮ 》 ᠬᠣᠶᠠᠳᠤᠭᠠᠷ ᠬᠤᠭᠤᠴᠠᠭᠠᠨ ᠤ ᠴᠢᠩ ᠱᠦᠢ ᠾᠧ ᠵᠢᠯ ᠴᠠᠭᠠᠨ ᠰᠠᠷ᠎ᠠ   ᠵᠡᠷᠭᠡ ᠃ ᠳᠤᠮᠳᠠᠳᠤ ᠤᠯᠤᠰ ᠤᠨ ᠵᠠᠬ᠎ᠠ ᠳᠡᠯᠭᠡᠭᠦᠷ ᠦᠨ ᠨᠡᠶᠢᠭᠡᠮᠯᠢᠭ ᠦᠨ ᠳᠡᠳ᠋ ᠳᠠᠷᠤᠭ᠎ᠠ ᠂ ᠬᠡᠷᠡᠭ ᠡᠷᠬᠢᠯᠡᠭᠴᠢᠳ ᠦᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠰᠢᠨ ᠯᠸ ᠂ ᠴᠧᠨ ᠢᠦᠶ ᠂ ᠬᠤᠳᠠ ᠢᠨ ᠤᠳᠥᠷᠢᠳᠥᠭᠡᠴᠢ ᠶᠦᠨ ᠵᠢᠶᠠᠨ ᠳ᠋ᠦᠩ ᠂ ᠵᠡᠷᠭᠡ ᠡᠬᠢᠯᠡᠬᠦ ᠶᠣᠰᠣᠯᠠᠯ ᠳᠤ ᠣᠷᠣᠯᠴᠠᠵᠠᠶ ᠃ ᠬᠣᠲᠠ ᠶᠢᠨ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠬᠤᠳᠠ ᠶᠢᠨ ᠳᠡᠳ᠋ ᠳᠠᠷᠤᠭ᠎ᠠ ᠼᠠᠢ ᠢᠦᠢ ᠳ᠋ᠦᠩ ᠡᠬᠢᠯᠡᠯᠲᠡ ᠶᠢᠨ ᠶᠣᠰᠣᠯᠠᠯ ᠢ ᠡᠷᠬᠢᠯᠡᠵᠡᠢ ᠃