ᠲᠥᠪ ᠦᠨ ᠴᠡᠷᠢᠭ ᠦᠨ ᠶᠠᠪᠤᠳᠠᠯ ᠤᠨ ᠬᠣᠷᠢᠶ᠎ᠠ 2018 ᠣᠨ ᠤ ᠰᠤᠷᠭᠠᠭᠤᠯᠢᠯᠠᠯ ᠡᠬᠢᠯᠡᠬᠦ ᠶᠡᠬᠡ ᠬᠤᠷᠠᠯ

2018-01-04 / ᠬᠦᠬᠡᠬᠣᠲᠠ



2018149019381
1 ᠰᠠᠷ᠎ᠠ ᠶᠢᠨ 3  ᠤ ᠡᠳᠦᠷ ᠦᠨ ᠦᠳᠡ ᠶᠢᠨ ᠡᠮᠦᠨ᠎ᠡ ᠂ᠲᠥᠪ ᠦᠨ ᠴᠡᠷᠢᠭ ᠦᠨ ᠶᠠᠪᠤᠳᠠᠯ ᠤᠨ  ᠬᠤᠷᠢᠶ᠎ᠠ 2018 ᠣᠨ  ᠤ ᠰᠤᠷᠭᠠᠭᠤᠯᠢᠯᠠᠯ ᠡᠬᠢᠯᠡᠬᠦ ᠳᠠᠶᠢᠴᠢᠯᠠᠯᠲᠠ  ᠶᠢᠨ ᠶᠡᠬᠡ ᠬᠤᠷᠠᠯ  ᠢ ᠦᠪᠡᠳᠡᠭᠰᠢ ᠶᠡᠬᠡ  ᠪᠡᠷ ᠶᠠᠪᠤᠭᠳᠠᠭᠤᠯᠪᠠ ᠃ ᠨᠠᠮ ᠤᠨ ᠲᠥᠪ ᠬᠣᠷᠢᠶᠠᠨ ᠤ ᠶᠡᠷᠦᠩᠬᠡᠶ ᠱᠦᠵᠢ ᠂ ᠂ ᠤᠯᠤᠰ ᠤᠨ ᠲᠡᠷᠢᠭᠦᠯᠡᠭᠴᠢ , ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠴᠡᠷᠢᠭ ᠲᠦ ᠰᠤᠷᠭᠠᠭᠤᠯᠢᠯᠠᠯ  ᠥᠨ ᠵᠠᠷᠯᠢᠭ ᠪᠠᠭᠤᠯᠭᠠᠵᠠᠢ ᠃
2018149039650
ᠰᠢᠨᠬᠤᠸᠠ ᠬᠣᠷᠢᠶᠠᠨ ᠤ ᠪᠤᠤ ᠳᠢᠨᠭ ᠮᠡᠳᠡᠭᠡ᠂ ᠰᠢᠨ᠎ᠡ ᠵᠢᠯ ᠦᠨ ᠡᠬᠢᠨ ᠳᠦ ᠲᠦᠮᠡᠨ ᠦᠵᠡᠮᠵᠢ ᠲᠡᠭᠦᠰ ᠰᠢᠨᠡᠳᠬᠦ , ᠪᠦᠬᠦ ᠴᠡᠷᠢᠭ ᠪᠠᠶᠢᠯᠳᠤᠭᠴᠢᠳ ᠵᠢᠪᠬᠤᠭ᠎ᠠ ᠲᠡᠭᠦᠯᠳᠡᠷ ᠪᠠᠢᠢᠬᠤ ᠬᠡᠷᠡᠭᠲᠡᠶ ᠃1 ᠰᠠᠷ᠎ᠠ ᠶᠢᠨ 3  ᠤ ᠡᠳᠦᠷ ᠦᠨ ᠦᠳᠡ ᠶᠢᠨ ᠡᠮᠦᠨ᠎ᠡ ᠂ ᠨᠠᠮ ᠤᠨ ᠲᠥᠪ ᠬᠣᠷᠢᠶᠠᠨ ᠤ ᠶᠡᠷᠦᠩᠬᠡᠶ ᠱᠦᠵᠢ ᠂ ᠤᠯᠤᠰ ᠤᠨ ᠲᠡᠷᠢᠭᠦᠯᠡᠭᠴᠢ , ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠲᠡᠷᠢᠭᠦᠯᠡᠭᠴᠢ ᠰᠢ ᠶᠢᠨ ᠫᠢᠩ ᠪᠦᠬᠦ ᠴᠡᠷᠢᠭ  ᠳᠤ ᠨᠡᠶᠢᠲᠡᠯᠡᠭᠰᠡᠨ  ᠨᠢ ᠪᠦᠬᠦ ᠴᠡᠷᠢᠭ  ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠪᠣᠯᠤᠨ ᠰᠢᠨ᠎ᠡ ᠴᠠᠭ ᠦᠶ᠎ᠡ  ᠶᠢᠨ ᠨᠠᠮ ᠤᠨ ᠴᠡᠷᠢᠭ  ᠢᠶᠡᠨ ᠬᠦᠴᠦᠷᠬᠡᠭᠵᠢᠭᠦᠯᠬᠦ ᠦᠵᠡᠯ ᠰᠠᠨᠠᠭ᠎ᠠ  ᠶᠢ ᠪᠦ᠍ᠬᠦ ᠲᠠᠯ᠎ᠠ ᠪᠠᠷ ᠴᠢᠩᠭᠠᠳᠬᠠᠵᠤ ᠂ ᠴᠡᠷᠢᠭ ᠦᠨ ᠰᠣᠷᠢᠯᠲᠠ ᠶᠢ ᠲᠠᠢᠢᠨ ᠳᠦ ᠢᠯᠠᠯᠲᠠ ᠤᠯᠬᠤ ᠴᠢᠳᠠᠪᠤᠷᠢ ᠵᠡᠷᠭᠡ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠰᠤᠷᠭᠠᠭᠤᠯᠢᠯᠠᠯ ᠡᠬᠢᠯᠡᠬᠦ ᠳᠠᠶᠢᠴᠢᠯᠠᠯᠲᠠ  ᠶᠢᠨ ᠶᠡᠬᠡ ᠬᠤᠷᠠᠯ  ᠢ ᠬᠢᠵᠠᠢ ᠃ ᠡᠪᠦᠯ ᠤᠮᠠᠷᠠᠲᠤ ᠣᠷᠣᠨ ᠤ  ᠠᠭᠤᠷ ᠠᠮᠢᠰᠬᠤᠯ ᠮᠤᠨᠳᠠᠭ ᠬᠦᠢᠲᠡᠨ ᠭᠡᠪᠡᠴᠦ ᠰᠤᠷᠭᠠᠭᠤᠯᠢᠯᠠᠯ ᠤᠨ ᠲᠠᠯᠠᠪᠠᠢ ᠳᠡᠭᠡᠷᠬᠢ ᠴᠡᠷᠢᠭ ᠪᠠᠶᠢᠯᠳᠤᠭᠴᠢ  ᠬᠠᠯᠠᠭᠤᠨ ᠰᠡᠳᠬᠢᠯ  ᠪᠡᠷ  ᠪᠯᠬᠠᠵᠠᠢ  ᠃ ᠰᠤᠷᠭᠠᠭᠤᠯᠢᠯᠠᠯ ᠡᠬᠢᠯᠡᠬᠦ ᠳᠠᠶᠢᠴᠢᠯᠠᠯᠲᠠ ᠶᠢᠨ ᠶᠡᠬᠡ ᠬᠤᠷᠠᠯ ᠤᠨ ᠭᠤᠤᠯ ᠲᠠᠯᠠᠪᠠᠶ — ᠳᠤᠮᠳᠠᠳᠤ ᠬᠡᠰᠡᠭ ᠦᠨ ᠪᠠᠶᠢᠯᠳᠤᠭᠠᠨ ᠤ ᠣᠷᠣᠨ ᠤ ᠬᠠᠭᠤᠷᠠᠶ ᠵᠡᠮ ᠤᠨ ᠴᠡᠷᠢᠭ ᠦᠨ ᠨᠢᠭᠡᠨ ᠬᠣᠷᠢᠶᠠᠨ ᠤ ᠲᠠᠯᠠᠪᠠᠢ ᠂  7000 ᠭᠠᠷᠤᠶ ᠳᠠᠷᠤᠭ᠎ᠠ ᠪᠠᠶᠢᠯᠳᠤᠭᠴᠢᠳ ᠰᠦᠷ ᠵᠢᠭᠰᠠᠭᠠᠯ ᠥᠪᠴᠢ ᠵᠡᠪᠰᠡᠭᠯᠡᠵᠦ᠂ 300 ᠰᠢᠬᠠᠮ ᠲᠠᠪᠴᠠᠩ ᠤᠨ ᠲᠣᠨᠣᠭᠯᠠᠯ ᠲᠡᠷᠢ ᠲᠡᠭᠰᠢ ᠵᠢᠭᠰᠠᠭᠠᠯ ᠵᠢᠭᠰᠠᠵᠦ ᠂ 《 ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ 2018 ᠣᠨ ᠤ ᠰᠤᠷᠭᠠᠭᠤᠯᠢᠯᠠᠯ ᠡᠬᠢᠯᠡᠬᠦ ᠳᠠᠶᠢᠴᠢᠯᠠᠯᠲᠠ ᠶᠢᠨ ᠶᠡᠬᠡ ᠬᠤᠷᠠᠯ  》 ᠰᠦᠷ ᠬᠦᠴᠦᠨ ᠰᠦᠮᠪᠦᠷ ᠠᠭᠤᠯᠠ ᠶᠢ ᠳᠣᠩᠰᠣᠯᠭᠠᠵᠤ ᠂ ᠰᠦᠨ ᠳᠠᠯᠠᠢ ᠶᠢ ᠬᠡᠯᠪᠡᠯᠵᠡᠭᠦᠯᠬᠦ . ᠬᠢᠨᠠᠯᠲᠠ ᠶᠢᠨ ᠲᠠᠪᠴᠠᠩ ᠳᠡᠭᠡᠷ᠎ᠡ ᠡᠯᠭᠦᠵᠦ᠂ 《 ᠪᠣᠳᠠᠲᠤ ᠪᠠᠶᠢᠯᠳᠤᠭᠠᠨ ᠤ ᠱᠠᠭᠠᠷᠳᠠᠯᠭ᠎ᠠ ᠶᠣᠰᠣᠭᠠᠷ ᠪᠣᠯᠪᠠᠰᠤᠷᠠᠭᠤᠯᠬᠤ ᠬᠡᠷᠡᠭᠲᠡᠶ ᠂ ᠪᠣᠯᠪᠠᠰᠤᠷᠠᠭᠤᠯᠤᠭᠠᠳ ᠪᠣᠳᠠᠲᠤ ᠪᠠᠶᠢᠯᠳᠤᠭᠠᠨ ᠂ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠬᠢᠬᠦ  ᠢᠢ ᠨᠢᠭᠡ ᠴᠤᠭᠴᠠᠵᠢᠭᠤᠯᠤᠭᠰᠠᠨ 》 《 ᠬᠦᠷᠴᠦ ᠢᠷᠡᠪᠡᠯ ᠪᠠᠶᠢᠯᠳᠤᠵᠤ ᠴᠢᠳᠠᠬᠤ ᠂ ᠪᠠᠶᠢᠯᠳᠤᠪᠠᠯ ᠢᠯᠠᠯᠲᠠ ᠣᠯᠵᠤ ᠴᠢᠳᠠᠬᠤ 》 ᠭᠡᠬᠦ ᠦᠰᠦᠭ ᠣᠨᠴᠠ ᠲᠣᠳᠣ ᠬᠠᠷᠠᠭᠳᠠᠨ᠎ᠠ ᠃ ᠡᠭᠦᠨ ᠦ ᠵᠡᠷᠭᠡᠴᠡᠭᠡᠪᠡᠷ ᠪᠦᠬᠦ ᠴᠡᠷᠢᠭ 4000 ᠭᠠᠷᠤᠶ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠂ ᠬᠠᠭᠤᠷᠠᠶ ᠵᠠᠮ ᠤᠨ ᠴᠡᠷᠢᠭ , ᠤᠰᠤᠨ ᠴᠡᠷᠢᠭ , ᠠᠭᠠᠷ ᠤᠨ ᠴᠡᠷᠢᠭ , ᠲᠡᠢᠢᠷᠦᠯᠲᠦ ᠰᠤᠮᠤᠨ ᠤ ᠴᠡᠷᠢᠭ ᠂ ᠪᠠᠶᠢᠯᠳᠤᠬᠤ ᠪᠤᠲᠤᠯᠭ᠎ᠠ ᠶᠢᠨ ᠲᠤᠰᠠᠯᠠᠬᠤ ᠴᠡᠷᠢᠭ ᠠᠩᠭᠢ ᠂ ᠵᠡᠪᠰᠡᠭᠲᠦ ᠴᠠᠭᠳᠠᠭ᠎ᠠ  ᠶᠢᠨ ᠴᠡᠷᠢᠭ ᠠᠩᠭᠢ  ᠶᠢᠨ ᠬᠡᠭᠡᠷᠡᠯᠡᠨ ᠪᠠᠶᠢᠯᠳᠤᠬᠤ ᠬᠢᠮᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠲᠠᠯᠪᠢᠨ᠎ᠠ ᠃ ᠴᠠᠰᠤᠲᠤ ᠣᠢ ᠳᠤ ᠳᠠᠯᠠᠢ ᠶᠢᠨ ᠬᠦᠪᠡᠭᠡ ᠲᠩᠷᠢ ᠶᠢᠨ ᠬᠠᠶᠠᠭ᠎ᠠ ᠬᠦᠷᠲᠡᠯ᠎ᠡ ᠂ ᠪᠠᠷᠠᠭᠤᠨ ᠬᠣᠶᠢᠲᠤ ᠭᠣᠪᠢ ᠠᠴᠠ ᠠᠪᠤᠭᠠᠳ ᠵᠡᠭᠦᠨ ᠡᠮᠦᠨᠡᠲᠦ ᠲᠠᠯᠠᠢ ᠳᠠᠭᠠᠤ ᠣᠷᠣᠨ ᠵᠦᠩᠶᠤᠸᠠᠨ ᠣᠷᠣᠨ ᠤ ᠳᠣᠲᠣᠷ᠎ᠠ ᠭᠠᠵᠠᠷ ᠬᠦᠷᠲᠡᠯ᠎ᠡ ᠂ ᠸᠠᠨ ᠯᠢ ᠂ ᠬᠢᠵᠠᠭᠠᠷ ᠤᠨ ᠬᠢᠯᠢ ᠶᠢᠨ ᠭᠤᠷᠪᠠᠨ ᠵᠠᠮ ᠤᠨ ᠴᠡᠷᠢᠭ ᠦᠨ ᠳᠠᠷᠤᠭ᠎ᠠ ᠪᠠᠶᠢᠯᠳᠤᠭᠴᠢ ᠳᠠᠷᠤᠭ᠎ᠠ ᠶᠢᠨ ᠰᠦᠷ ᠵᠢᠪᠬᠤᠯᠠᠩ ᠢᠶᠠᠷ ᠵᠤᠭᠰᠤᠵᠠᠢ᠃ ᠡᠨᠡ ᠪᠣᠯ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠠᠩᠬ᠎ᠠ ᠤᠳᠠᠭ᠎ᠠ ᠨᠢᠭᠡᠳᠦᠯᠲᠡᠶ ᠪᠡᠷ ᠵᠣᠬᠢᠶᠠᠨ ᠪᠠᠶᠢᠭᠤᠯᠵᠤ ᠂ᠠᠷᠠᠳ ᠤᠨ ᠴᠡᠷᠢᠭ ᠠᠡᠭ᠍ᠬᠢ  ᠶᠢ ᠴᠢᠩᠭᠠᠳᠬᠠᠵᠤ ᠂ ᠰᠢᠨ᠎ᠡ ᠴᠠᠭ ᠦᠶ᠎ᠡ  ᠶᠢᠨ ᠴᠡᠷᠢᠭ ᠪᠤᠯᠪᠠᠰᠤᠷᠠᠯ  ᠢᠶᠡᠨ ᠴᠣ᠋ ᠰᠢᠨ᠎ᠡ ᠳᠡᠯᠭᠡᠨ ᠦᠵᠡᠭᠦᠯᠪᠡ ᠃ 10 ᠴᠠᠭ ᠲᠤ ᠂ ᠰᠢ ᠶᠢᠨ ᠫᠢᠩ ᠨᠢᠭᠡ ᠪᠡᠶ᠎ᠡ ᠴᠡᠷᠢᠭ ᠦᠨ ᠬᠤᠪᠴᠠᠰᠤ ᠪᠠᠷ ᠬᠤᠪᠴᠠᠯᠠᠵᠦ ᠬᠤᠷᠠᠯ ᠤᠨ ᠭᠤᠤᠯ ᠲᠠᠯᠠᠪᠠᠶ ᠬᠢᠨᠠᠬᠤ ᠲᠠᠪᠴᠠᠩ    ᠳᠤ ᠰᠤᠷᠭᠠᠭᠤᠯᠢᠯᠠᠯ ᠡᠬᠢᠯᠡᠬᠦ ᠳᠠᠶᠢᠴᠢᠯᠠᠯᠲᠠ ᠶᠢᠨ ᠶᠡᠬᠡ ᠬᠤᠷᠠᠯ ᠡᠬᠢᠯᠡᠵᠦ ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠴᠡᠷᠢᠭ ᠦᠨ ᠳᠠᠭᠤᠤ ᠂ ᠬᠠᠩᠭᠢᠨᠠᠭᠰᠠᠨ ᠳᠠᠭᠤᠤ ᠶᠢᠨ ᠠᠶᠠᠰ ᠰᠡᠯᠡᠭᠦᠨ ᠥᠨᠳᠥᠷ ᠣᠭᠲᠠᠷᠭᠤᠶ ᠳᠤ ᠳᠡᠭᠦᠯᠢᠨ ᠂ ᠰᠠᠭᠤᠷᠢ ᠰᠠᠭᠤᠷᠢ ᠴᠡᠷᠢᠭ ᠦᠨ ᠬᠤᠸᠠᠷᠠᠨ ᠮᠡᠲᠦ ᠪᠡᠷ ᠳᠦᠷᠰᠦᠯᠡᠪᠡ᠃ ᠲᠡᠷᠡᠭ᠎ᠠ  ᠨᠢ ᠰᠢ ᠶᠢᠨ ᠫᠢᠩ ᠪᠦᠬᠦ ᠴᠡᠷᠢᠭ  ᠳᠤ ᠄ ᠬᠤᠷᠴᠠ ᠲᠣᠳᠣ ᠤᠳᠤᠷᠢᠳᠤᠮᠵᠢ ᠶᠢ ᠪᠦᠬᠦ ᠴᠡᠷᠢᠭ ᠦᠨ ᠡᠯ᠎ᠡ ᠱᠠᠲᠤᠨ ᠤ ᠲᠠᠢᠢᠨ ᠳᠦ ᠪᠡᠯᠡᠳᠬᠡᠬᠦ ᠴᠡᠷᠢᠭ ᠪᠣᠯᠪᠠᠰᠤᠷᠠᠭᠤᠯᠬᠤ ᠠᠵᠢᠯ ᠢ ᠴᠢᠩᠭᠠᠳᠬᠠᠬᠤ ᠬᠡᠷᠡᠭᠲᠡᠶ ᠂ ᠡᠷᠡᠰ ᠭᠤᠶᠢᠪᠢᠰᠢ ᠦᠭᠡᠢ ᠪᠡᠷ ᠪᠣᠯᠪᠠᠰᠤᠷᠠᠭᠤᠯᠬᠤ ᠶᠢ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ ᠂ ᠭᠣᠣᠯ ᠠᠵᠢᠯ ᠪᠣᠯᠭᠠᠵᠤ ᠂ ᠳᠠᠯᠪᠢᠯ ᠦᠭᠡᠢ ᠠᠳᠬᠤᠵᠤ ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠃ ᠤᠳᠤᠷᠢᠳᠤᠯᠭ᠎ᠠ ᠲᠦᠷᠦᠭᠦᠯᠡᠨ ᠬᠢᠬᠦ ᠶᠢ ᠪᠠᠷᠢᠮᠲᠠᠯᠠᠵᠤ ᠂ ᠳᠤᠤᠷᠠᠳᠤ ᠱᠠᠳᠤ ᠪᠠᠨ ᠳᠠᠶᠢᠴᠢᠯᠠᠬᠤ ᠶᠢ ᠪᠠᠷᠢᠮᠲᠠᠯᠠᠵᠤ ᠂ ᠪᠣᠳᠠᠲᠤ ᠪᠠᠶᠢᠯᠳᠤᠭᠠᠨ ᠤ ᠳᠠᠳᠤᠯᠭ᠎ᠠ ᠪᠣᠯᠪᠠᠰᠤᠷᠠᠭᠤᠯᠤᠯ ᠂ ᠬᠠᠮᠲᠤᠷᠠᠨ ᠪᠠᠶᠢᠯᠳᠤᠬᠤ ᠬᠠᠮᠲᠤᠷᠠᠨ ᠪᠣᠯᠪᠠᠰᠤᠷᠠᠭᠤᠯᠬᠤ ᠂ ᠬᠥᠲᠥᠯᠪᠦᠷᠢ ᠶᠣᠰᠣᠭᠠᠷ ᠪᠣᠯᠪᠠᠰᠤᠷᠠᠯ ᠬᠢᠬᠦ ᠪᠠᠷᠢᠮᠲᠠᠯᠠᠬᠤ ᠂ ᠨᠠᠮ ᠢ ᠴᠢᠩᠭ᠎ᠠ ᠵᠠᠰᠠᠬᠤ ᠶᠢ ᠰᠤᠷᠭᠠᠬᠤ ᠂ ᠲᠥᠪ ᠪᠣᠯᠭᠠᠨ ᠂ ᠪᠣᠯᠪᠠᠰᠤᠷᠠᠯ ᠰᠤᠷᠲᠠᠯ ᠂ ᠰᠢᠨ᠎ᠡ ᠶᠢ ᠡᠭᠦᠳᠬᠦ ᠪᠣᠯᠪᠠᠰᠤᠷᠠᠭᠤᠯᠬᠤ ᠠᠷᠭ᠎ᠠ ᠪᠣᠯᠪᠠᠰᠤᠷᠠᠯ ᠤᠨ ᠪᠠᠲᠤᠯᠠᠭ᠎ᠠ ᠲᠡᠭᠦᠯᠳᠡᠷᠵᠢᠭᠦᠯᠵᠦ ᠂ ᠴᠢᠩᠭ᠎ᠠ ᠪᠣᠯᠪᠠᠰᠤᠷᠠᠯ ᠬᠢᠨᠠᠨ ᠪᠠᠶᠢᠴᠠᠭᠠᠬᠤ ᠂ ᠤᠯᠠᠨ ᠲᠦᠮᠡᠨᠴᠢ ᠴᠢᠨᠠᠷᠲᠠᠶ ᠴᠡᠷᠢᠭ ᠪᠣᠯᠪᠠᠰᠤᠷᠠᠭᠤᠯᠬᠤ ᠮᠥᠷᠥᠶᠢᠴᠡᠬᠦ ᠠᠵᠢᠯᠯᠠᠭ᠎ᠠ ᠥᠷᠨᠢᠭᠦᠯᠵᠦ ᠂ ᠴᠢᠭᠯᠡᠭᠦᠯᠬᠦ ᠴᠢᠨᠠᠷ ᠢᠶᠠᠷ ᠴᠤ ᠡᠰᠡᠷᠭᠦᠴᠡᠯᠳᠦᠬᠦ ᠴᠢᠨᠠᠷᠲᠠᠶ ᠪᠣᠯᠪᠠᠰᠤᠷᠠᠯ ᠂ ᠴᠡᠷᠢᠭ ᠦᠨ ᠪᠣᠯᠪᠠᠰᠤᠷᠠᠯ ᠪᠣᠳᠠᠲᠤ ᠪᠠᠶᠢᠯᠳᠤᠭᠠᠨ ᠬᠢᠬᠦ ᠬᠢᠷᠢ ᠲᠦᠪᠰᠢᠨ ᠢ ᠳᠡᠭᠡᠭᠰᠢᠯᠡᠭᠦᠯᠵᠦ ᠂ ᠪᠠᠲᠤ ᠡᠵᠡᠮᠰᠢᠵᠦ ᠂ ᠪᠠᠶᠢᠯᠳᠤᠭᠠᠨ ᠬᠢᠵᠦ ᠳᠡᠶᠢᠯᠬᠦ ᠂ ᠪᠠᠶᠢᠯᠳᠤᠭᠠᠨ ᠳᠤ ᠢᠯᠠᠯᠲᠠ ᠣᠯᠵᠤ ᠴᠢᠳᠠᠬᠤ ᠴᠠᠭᠠᠷᠠᠭᠰᠠᠨ ᠴᠢᠳᠠᠪᠤᠷᠢ ᠲᠠᠶ ᠪᠤᠯᠵᠦ ᠪᠠᠶᠢᠨ᠎ᠠ ᠃ ᠪᠦᠬᠦ ᠴᠡᠷᠢᠭ ᠦᠨ ᠵᠢᠯᠤᠭᠤᠳᠤᠭᠴᠢ ᠪᠠᠶᠢᠯᠳᠤᠭᠴᠢᠳ ᠨᠠᠮ ᠤᠨ ᠲᠥᠪ ᠬᠣᠷᠢᠶ᠎ᠠ ᠪᠠ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠰᠢᠶᠳᠪᠦᠷᠢᠲᠦ ᠪᠣᠳᠣᠯᠭ᠎ᠠ ᠪᠣᠯᠤᠨ ᠵᠢᠭᠠᠪᠤᠷᠢ  ᠶᠢ ᠡᠷᠡᠰ ᠲᠤᠤᠱᠯᠠᠭᠤᠯᠤᠨ ᠂ ᠨᠢᠭᠡ ᠳᠦ ᠬᠦᠴᠢᠷ ᠡᠴᠡ ᠠᠶᠤᠬᠤ ᠦᠭᠡᠢ ᠂ ᠬᠣᠶᠠᠷ ᠲᠤ ᠦᠬᠦᠬᠦ ᠡᠴᠡ ᠠᠶᠤᠬᠤ ᠦᠬᠡᠢ ᠂ ᠵᠣᠷᠢᠭ ᠲᠡᠷᠡ ᠰᠢᠷᠭᠠᠭᠤ ᠬᠠᠲᠠᠭᠤᠵᠢᠯᠲᠠᠶ ᠪᠣᠯᠪᠠᠰᠤᠷᠠᠵᠤ ᠂ ᠰᠢᠨᠵᠢᠯᠡᠬᠦ ᠤᠬᠠᠭᠠᠨᠴᠢ ᠪᠣᠯᠪᠠᠰᠤᠷᠠᠬᠤ ᠂ ᠵᠣᠷᠢᠭᠲᠠᠶ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠡᠰᠡᠷᠭᠦ ᠡᠲᠡᠭᠡᠳ ᠢᠶᠡᠨ ᠵᠣᠷᠢᠭᠲᠠᠶ ᠪᠠᠷ ᠳᠠᠪᠠᠵᠤ ᠂ ᠳᠠᠪᠲᠠᠨ ᠦᠢᠯᠡᠳᠬᠦ ᠂ ᠢᠷᠡᠪᠡᠯ ᠪᠠᠶᠢᠯᠳᠤᠵᠤ ᠴᠢᠳᠠᠬᠤ ᠂ ᠪᠠᠶᠢᠯᠳᠤᠪᠠᠯ ᠢᠯᠠᠯᠲᠠ ᠣᠯᠵᠤ ᠴᠢᠳᠠᠬᠤ ᠴᠡᠷᠢᠭ ᠢ ᠰᠢᠯᠢᠳᠡᠭᠵᠢᠭᠦᠯᠬᠦ ᠨᠢᠭᠡ ᠬᠦᠴᠦᠷᠬᠡᠭ ᠠᠩᠭᠢ ᠂ ᠨᠠᠮ ᠪᠠ ᠠᠷᠠᠳ ᠲᠦᠮᠡᠨ ᠡᠴᠡ ᠣᠯᠭᠣᠭᠰᠠᠨ ᠰᠢᠨ᠎ᠡ ᠴᠠᠭ ᠦᠶ᠎ᠡ ᠂ ᠳᠠᠶᠢᠴᠢᠨ ᠡᠭᠦᠷᠭᠡ ᠪᠡᠨ ᠡᠷᠡᠰ ᠪᠡᠶᠡᠯᠡᠭᠦᠯᠬᠦ ᠬᠡᠷᠡᠭᠲᠡᠶ ᠭᠡᠪᠡ᠃ ᠰᠢ ᠶᠢᠨ ᠫᠢᠩ ᠴᠡᠷᠢᠭ ᠲᠡᠬᠡᠨ ᠤᠷᠲᠤ ᠬᠤᠭᠤᠴᠠᠭ᠎ᠠ  ᠪᠠᠷ ᠠᠶᠤᠩᠭ᠎ᠠ ᠨᠢᠵᠢᠭᠢᠨᠡᠬᠦ ᠮᠡᠲᠦ ᠠᠯᠠᠭ᠎ᠠ ᠲᠠᠰᠢᠬᠤ ᠳᠠᠭᠤᠨ ᠳᠠᠭᠤᠷᠢᠰᠴᠠᠶ ᠃ ᠵᠠᠩᠵᠤᠨ ᠨᠢᠭᠡ ᠵᠠᠷᠯᠢᠭ ᠂ ᠪᠦᠬᠦ ᠴᠡᠷᠢᠭ ᠦᠨ ᠵᠢᠭᠳᠡ ᠠᠵᠢᠯᠯᠠᠭ᠎ᠠ ᠪᠣᠯᠭᠠᠬᠤ ᠬᠡᠷᠡᠭᠲᠡᠶ ᠭᠡᠪᠡ᠃ ᠵᠠᠷᠯᠢᠭ ᠬᠦᠯᠢᠶᠡᠠ ᠠᠪᠬᠤ ᠵᠢᠨ ᠳᠠᠷᠠᠭ᠎ᠠ ᠂ ᠭᠠᠷᠤᠭᠠᠳ ᠪᠦ᠋ᠬᠦ ᠲᠠᠯᠠᠪᠠᠢ ᠶᠢᠨ ᠴᠡᠷᠢᠭ ᠪᠠᠶᠢᠯᠳᠤᠭᠴᠢ ᠶᠢᠨ ᠭᠡᠷᠡᠯ ᠭᠢᠯᠪᠠᠭ᠎ᠠ ᠰᠠᠴᠤᠷᠠᠭᠰᠠᠨ ᠬᠠᠨᠳᠤᠭᠤᠯᠤᠭᠰᠠᠨ ᠨᠠᠢᠮᠠᠨ ᠰᠠᠷ᠎ᠠ ᠶᠢᠨ ᠨᠢᠭᠡᠨ ᠦ ᠴᠡᠷᠢᠭ ᠦᠨ ᠲᠤᠬ ᠂ ᠴᠡᠷᠢᠭ ᠦᠨ ᠬᠥᠮᠦᠨ ᠦ ᠲᠠᠩᠭᠠᠷᠢᠭ ᠶᠡᠬᠡ ᠳᠠᠭᠤᠨ ᠢᠶᠠᠷ ᠤᠷᠠᠨ ᠲᠣᠳᠣ ᠤᠩᠰᠢᠬᠤ ᠂ ᠴᠡᠷᠢᠭ ᠦᠨ ᠲᠤᠭ ᠱᠤᠤᠬᠢᠨᠠᠬᠤ ᠂ ᠡᠨᠡ ᠬᠦ ᠲᠠᠩᠭᠠᠷᠢᠭ ᠵᠢᠩᠭᠢᠷ ᠵᠢᠩᠭᠢᠷ ᠂ ᠭᠦᠢᠴᠡᠳ ᠢᠯᠡᠷᠡᠭᠦᠯᠵᠦ ᠂ ᠳᠠᠷᠤᠭ᠎ᠠ ᠪᠠᠶᠢᠯᠳᠤᠭᠴᠢᠳ ᠡᠷᠡᠰ ᠢᠶᠡᠷ ᠲᠠᠭᠠᠵᠤ ᠂ ᠶᠡᠬᠡ ᠴᠡᠷᠢᠭ ᠪᠣᠯᠪᠠᠰᠤᠷᠠᠭᠤᠯᠬᠤ ᠠᠳᠬᠤᠬᠤ ᠳᠠᠢᠢᠨ ᠳᠦ ᠪᠠᠲᠤ ᠴᠢᠩᠭ᠎ᠠ ᠰᠥᠰᠥ ᠵᠣᠷᠢᠭ ᠠᠭᠤᠯᠤᠭᠳᠠᠭᠰᠠᠨ ᠮᠥᠨ ᠃ 2018 ᠣᠨ ᠤ ᠪᠦᠬᠦ ᠴᠡᠷᠢᠭ ᠦᠨ ᠴᠡᠷᠢᠭ ᠦᠨ ᠪᠣᠯᠪᠠᠰᠤᠷᠠᠯ ᠤᠨ ᠵᠢᠩᠬᠢᠨᠢ ᠪᠡᠷ ᠡᠬᠢᠯᠡᠵᠦ ᠂ ᠡᠯ᠎ᠡ ᠴᠡᠷᠢᠭ ᠠᠩᠭᠢ ᠶᠢᠨ ᠲᠥᠯᠥᠪᠯᠡᠭᠡ ᠪᠡᠷ ᠢᠶᠡᠨ ᠶᠠᠪᠤᠭᠳᠠᠵᠤ ᠂ ᠭᠣᠣᠯ ᠲᠠᠯᠠᠪᠤᠷ ᠲᠤ ᠳᠠᠷᠤᠭ᠎ᠠ ᠪᠠᠶᠢᠯᠳᠤᠭᠴᠢᠳ ᠪᠠᠶᠢᠯᠳᠤᠭᠠᠨ ᠤ ᠲᠡᠷᠭᠡ ᠂ ᠪᠠᠶᠢᠯᠳᠤᠭᠠᠨ ᠤ ᠪᠠᠶᠢᠷᠢ ᠣᠷᠣᠵᠤ ᠂ ᠦᠳᠲᠡᠷ ᠲᠦᠷᠭᠡᠨ ᠥᠷᠨᠢᠵᠦ ᠂ ᠨᠢᠭᠡᠨ ᠦᠶ᠎ᠡ ᠳᠠᠭᠤᠳᠠᠯᠭ᠎ᠠ ᠶᠢᠨ ᠪᠠᠶᠢᠯᠳᠤᠭᠴᠢᠳ ᠤᠷᠠᠶᠢᠯᠠᠨ ᠮᠠᠰᠢᠨ ᠬᠦᠭᠡ ᠳᠠᠭᠤ ᠪᠤᠵᠢᠭᠢᠨᠠᠭᠰᠠᠨ ᠂ ᠨᠢᠭᠡ ᠪᠦᠯᠦᠭ  ᠨᠢ ᠬᠤᠷᠴᠠ ᠱᠠᠯᠠᠮᠠᠭᠠᠶ ᠪᠠᠶᠢᠪᠠ ᠃ ᠰᠢ ᠶᠢᠨ ᠫᠢᠩ ᠲᠤᠬᠠᠶ ᠶᠢᠨ ᠭᠠᠵᠠᠷ ᠲᠤᠨᠢ ᠬᠢᠨᠠᠬᠤ ᠭᠣᠣᠯ ᠲᠠᠯᠠᠪᠤᠷ ᠲᠤ ᠰᠠᠭᠤᠭ᠎ᠠ ᠳᠠᠷᠤᠭ᠎ᠠ ᠪᠠᠶᠢᠯᠳᠤᠭᠴᠢᠳ  ᠠᠴᠠ ᠪᠣᠯᠪᠠᠰᠤᠷᠠᠯ ᠤᠨ ᠭᠠᠵᠠᠷ ᠣᠷᠣᠨ ᠤ ᠪᠡᠯᠡᠳᠬᠡᠯ ᠴᠤᠭᠯᠠᠷᠠᠯᠲᠠ ᠶᠢᠨ ᠪᠠᠶᠢᠳᠠᠯ ᠂ ᠪᠠᠶᠠᠷ ᠤᠨ ᠬᠠᠷᠠᠴᠠ ᠮᠠᠭᠲᠠᠭᠠᠯ ᠰᠠᠶᠢᠰᠢᠶᠠᠯ ᠢ ᠣᠯᠵᠤ ᠪᠠᠶᠢᠭᠰᠠᠨ ᠶᠤᠮ ᠃ ᠰᠢ ᠶᠢᠨ ᠫᠢᠩ ᠬᠠᠷᠠᠭᠠᠨ ᠳᠠᠪᠲᠠᠮᠵᠢ  ᠪᠠᠷ ᠳᠠᠮᠵᠢᠭᠤᠯᠤᠨ ᠬᠢᠨᠠᠯᠲᠠ ᠶᠢᠨ ᠡᠯ᠎ᠡ ᠴᠡᠷᠢᠭ ᠦᠨ ᠲᠤᠢᠷᠦᠯ ᠮᠡᠷᠭᠡᠵᠢᠯ ᠦᠨ ᠲᠤᠢᠷᠦᠯ ᠦᠨ ᠪᠣᠯᠤᠨ ᠵᠡᠪᠰᠡᠭᠲᠦ ᠴᠠᠭᠳᠠᠭ᠎ᠠ  ᠶᠢᠨ ᠴᠡᠷᠢᠭ ᠠᠩᠭᠢ ᠬᠡᠭᠡᠷ᠎ᠡ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠰᠤᠷᠭᠠᠭᠤᠯᠢᠯᠠᠯ ᠡᠬᠢᠯᠡᠬᠦ ᠪᠠᠶᠢᠳᠠᠯ ᠢ ᠵᠢᠭᠠᠵᠤ ᠪᠠᠶᠢᠨ᠎ᠠ ᠃ ᠠᠷᠤ ᠭᠠᠵᠠᠷ ᠤᠨ ᠲᠣᠭᠣᠰᠣ ᠮᠢᠩᠭᠠᠨ ᠭᠠᠵᠠᠷ ᠮᠥᠰᠥ ᠪᠦᠷᠬᠦᠵᠦ ᠂ ᠬᠠᠭᠤᠷᠠᠶ ᠵᠠᠮ ᠤᠨ ᠴᠡᠷᠢᠭ ᠦᠨ ᠨᠢᠭᠡᠨ ᠨᠡᠶᠢᠯᠡᠮᠡᠯ ᠪᠠᠷᠢᠭᠠᠳᠠ ᠶᠢᠨ ᠳᠠᠷᠤᠭ᠎ᠠ ᠪᠠᠶᠢᠯᠳᠤᠭᠴᠢᠳ ᠤᠨ ᠰᠠᠯᠬᠢ ᠴᠠᠰᠤ ᠳᠡᠯᠭᠡᠬᠦ ᠵᠢᠩᠬᠢᠨᠢ ᠰᠤᠮᠤ ᠶᠢᠨ ᠪᠣᠳᠠᠲᠠᠶ ᠰᠠᠪᠠᠯᠠᠬᠤ ᠪᠣᠯᠪᠠᠰᠤᠷᠠᠯ ; ᠴᠡᠷᠢᠭ ᠦᠨ ᠭᠠᠷᠠᠮ ᠳᠣᠯᠭᠢᠶᠠᠨ ᠳᠠᠪᠠᠯᠭᠠᠨ  ᠨᠢ ᠨᠢᠰᠴᠦ ᠂ ᠳᠠᠯᠠᠢ ᠶᠢᠨ ᠴᠡᠷᠢᠭ ᠣᠨ ᠬᠠᠭᠤᠷᠠᠶ ᠳᠤ ᠪᠠᠶᠢᠯᠳᠤᠬᠤ ᠠᠩᠭ᠋ᠢ ᠶᠢᠨ ᠠᠴᠢᠶᠠᠯᠠᠬᠤ ᠪᠣᠯᠪᠠᠰᠤᠷᠠᠯ ᠥᠷᠨᠢᠭᠦᠯᠵᠦ ᠂ ᠬᠠᠭᠤᠷᠠᠶ ᠳᠤ ᠭᠠᠷᠬᠤ ; ᠵᠢᠵᠦᠩ  ᠳᠡᠬᠢ ᠲᠠᠯ᠎ᠠ ᠭᠠᠵᠠᠷ ᠤᠨ ᠂ ᠠᠭᠠᠷ ᠤᠨ ᠴᠡᠷᠢᠭ ᠦᠨ ᠨᠢᠭᠡᠨ ᠲᠤᠷᠰᠢᠯᠲᠠ ᠪᠠ ᠰᠤᠷᠭᠠᠭᠤᠯᠢᠯᠠᠯ ᠤᠨ ᠰᠠᠭᠤᠷᠢᠨ ᠭᠠᠵᠠᠷ ᠥᠷᠨᠢᠵᠦ ᠂ ᠠᠭᠠᠷ ᠤᠨ ᠡᠰᠡᠷᠭᠦᠴᠡᠯᠳᠦᠵᠦ ᠪᠠᠶᠢᠭ᠎ᠠ ᠶᠠᠪᠤᠳᠠᠯ ᠮᠥᠨ ᠂ ᠭᠠᠵᠠᠷ ᠤᠨ ᠭᠠᠪᠰᠢᠭᠠᠶ ᠪᠣᠯᠪᠠᠰᠤᠷᠠᠯ ᠵᠢᠶᠠᠩᠨᠠᠨ ᠤ ᠳᠣᠪᠣᠷᠬᠠᠭ ᠵᠢᠭᠳᠡᠷᠡᠭᠡ ᠤᠢ ᠭᠦᠢᠴᠡᠳᠬᠡᠭᠰᠡᠨ ᠪᠠᠶᠢᠪᠠᠯ ᠂ ᠲᠡᠢᠢᠷᠦᠯᠳᠦ ᠰᠤᠮᠤᠨ ᠤ ᠴᠡᠷᠢᠭ ᠦᠨ ᠨᠢᠭᠡᠨ ᠵᠠᠯᠠᠭᠤᠷᠲᠤ ᠰᠤᠮᠤ ᠪᠠᠷᠢᠭᠠᠳᠠ ᠳᠡᠯᠭᠡᠬᠦ ᠪᠣᠯᠪᠠᠰᠤᠷᠠᠯ ᠰᠢᠯᠭᠠᠯᠲᠠ ᠶᠢᠨ ᠰᠢᠯᠵᠢᠭᠦᠯᠦᠨ ᠨᠡᠶᠢᠲᠡᠯᠡᠬᠦ ᠂ᠪᠡᠭᠡᠵᠢᠩ ᠦᠨ ᠳᠡᠬᠦᠷᠬᠡ ᠳᠠᠰᠬᠢᠮ᠎ᠠ ᠬᠦᠢᠳᠡᠨ ᠡᠪᠦᠯ ᠦᠨ ᠡᠬᠡ ᠭᠠᠵᠠᠷ ᠣᠨ ᠵᠡᠪᠰᠡᠭᠲᠦ ᠴᠠᠭᠳᠠᠭ᠎ᠠ ᠶᠢᠨ ᠪᠡᠭᠡᠵᠢᠩ ᠦᠨ ᠶᠡᠷᠦᠩᠬᠡᠶ ᠠᠩᠭᠢ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠣᠯᠪᠠᠰᠤᠷᠠᠯᠦᠷᠨᠢᠭᠦᠯᠪᠡ ᠃ ᠲᠡᠮᠦᠷ ᠬᠤᠶᠠᠭᠲᠤ ᠳᠠᠪᠠᠯᠭᠠᠯᠠᠬᠤ ᠂ ᠪᠠᠶᠢᠯᠳᠤᠭᠠᠨ ᠤ ᠬᠥᠯᠭᠡ ᠣᠩᠭᠣᠴᠠ  ᠪᠡᠨ ᠮᠥᠩᠭᠥᠨ ᠪᠦᠷᠭᠦᠳ ᠱᠤᠤᠭᠢᠵᠤ ᠂ ᠪᠦᠬᠦ ᠴᠡᠷᠢᠭ ᠦᠨ ᠳᠡᠭᠡᠷ᠎ᠡ ᠳᠣᠣᠷ᠎ᠠ ᠪᠢᠯᠬᠠᠮ᠎ᠠ ᠲᠡᠭᠦᠯᠳᠡᠷ ᠤᠯᠤᠰ ᠲᠦ᠋ᠷᠦ ᠶᠢᠨ ᠬᠠᠯᠠᠭᠤᠨ ᠰᠡᠳᠬᠢᠯ ᠂ ᠴᠤᠭ ᠪᠠᠳᠠᠷᠠᠩᠭᠤᠶ ᠲᠠᠢᠢᠴᠢᠨ ᠵᠣᠷᠢᠭ ᠂ ᠳᠤᠮᠳᠠᠳᠤ ᠶᠢᠨ ᠨᠤᠲᠤᠭ ᠳᠡᠪᠢᠰᠬᠡᠷ  ᠢ ᠦᠳᠲᠡᠷ ᠲᠦᠷᠭᠡᠨ ᠪᠤᠢ ᠪᠣᠯᠭᠠᠵᠤ ᠵᠢᠩᠬᠢᠨᠡᠴᠢᠯᠡᠭᠰᠡᠡ ᠪᠠᠶᠢᠯᠳᠤᠭᠠᠨ ᠤ ᠴᠡᠷᠢᠭ ᠦᠨ ᠬᠠᠯᠠᠭᠤᠨ ᠥᠷᠨᠢᠯᠲᠡ ᠭᠠᠷᠴᠤ ᠪᠠᠶᠢᠨ᠎ᠠ ᠃ ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠮᠥᠨ , ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠳᠡᠳ᠋ ᠲᠡᠷᠢᠭᠦᠯᠡᠭᠴᠢ ᠰᠢᠤᠢ ᠴᠢ ᠯᠢᠶᠠᠩ ᠪᠣᠯᠪᠠᠰᠤᠷᠠᠯ ᠤᠨ ᠳᠠᠶᠢᠴᠢᠯᠠᠯᠲᠠ ᠶᠢᠨ ᠶᠡᠬᠡ ᠬᠤᠷᠠᠯ ᠡᠷᠬᠢᠯᠡᠨ ᠬᠤᠷᠠᠯᠳᠤᠭᠤᠯᠵᠤ ᠂ ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠮᠥᠨ , ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠳᠡᠳ᠋ ᠲᠡᠷᠢᠭᠦᠯᠡᠭᠴᠢ ᠵᠠᠩ ᠡᠢᠤ ᠰᠢᠶᠠ ᠂ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠭᠡᠰᠢᠭᠦᠨ ᠂ ᠸᠧᠶ ᠹᠸᠩ ᠾᠧ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠦᠨ ᠶᠠᠪᠤᠳᠠᠯ ᠤᠨ ᠬᠣᠷᠢᠶᠠᠨ ᠤ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠦᠨ ᠭᠣᠣᠯ ᠤᠳᠤᠷᠢᠳᠬᠤ ᠠᠵᠢᠯᠯᠠᠭᠠᠨ ᠳᠤ ᠣᠷᠣᠯᠴᠠᠵᠤ ᠪᠠᠶᠢᠭ᠎ᠠ ᠪᠤᠯᠤᠨ᠎ᠠ᠃