ᠰᠢᠨ᠎ᠠ ᠴᠠᠭ ᠦᠶ᠎ᠡ ᠢᠷᠡᠯ᠎ᠡ ᠰᠢᠨ᠎ᠠ ᠤᠨ ᠡᠬᠢᠯᠡᠯ᠎ᠡ

2018-01-08 / ᠬᠦᠬᠡᠬᠣᠲᠠ


ᠰᠢᠨ᠎ᠠ ᠴᠠᠬ ᠦᠶ᠎ᠡ ᠢᠷᠡᠯ᠎ᠡ︔ ᠰᠢᠨ᠎ᠠ ᠤᠨ ᠡᠬᠢᠯᠡᠯ᠎ᠡ᠃ ᠡᠬᠢᠯᠡᠯ ᠬᠢᠭᠡᠳ ᠲᠡᠬᠦᠰᠭᠡᠯ — ᠴᠠᠬ ᠤᠨ ᠬᠤᠶᠠᠷ ᠵᠠᠢ᠃ ᠪᠤᠭᠤᠷᠤᠯ ᠲᠡᠦᠭᠡ ᠤᠨ ᠤ ᠬᠠᠭᠤᠳᠠᠰᠤᠨ ᠳᠠᠭᠠᠨ 2017 ᠶᠢ ᠭᠠᠨᠵᠤᠭᠠᠯᠠᠴᠢᠬᠠᠵᠠᠢ︔ 2018 ᠲᠦᠷᠦᠭᠡ ᠬᠠᠩᠬᠢᠨᠠᠭᠤᠯᠤᠨ ᠮᠤᠷᠳᠠᠯ᠎ᠠ᠃ 2017 ᠤᠨ ᠤ ᠬᠠᠭᠤᠳᠠᠰᠤ ᠶᠢ ᠡᠪᠭᠡᠬᠦ ᠳᠤ᠂ ᠬᠦᠰᠡᠯ᠂ ᠢᠳᠡᠭᠡᠯ᠂ ᠨᠠᠶᠢᠳᠠᠯᠭ᠎ᠠ᠂ ᠤᠮᠤᠭ᠂ ᠪᠠᠭᠠᠳᠤᠯ ᠦᠯᠡᠮᠵᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠮᠵᠢᠯᠳᠠ ᠲᠠᠢ ᠬᠤᠷᠠᠯᠳᠤᠭᠤᠯᠵᠦ᠂ ᠪᠢᠳᠠ ᠦᠪᠦᠷ ᠮᠤᠩᠭᠤᠯ ᠤᠨ ᠢᠶᠠᠨ 70 ᠵᠢᠯ ᠤᠨ ᠤᠢ ᠪᠠᠨ ᠤᠭᠳᠤᠨ ᠠᠪᠤᠯ᠎ᠠ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠪᠠᠷ᠂ ᠰᠢ ᠶᠢᠨ ᠫᠢᠩ ᠤᠨ ᠰᠢᠨ᠎ᠠ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠮᠵᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠲᠡᠮᠡᠴᠡᠨ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠯᠠᠯ ᠡᠬᠢᠯᠡᠯ᠎ᠡ᠃ 2018 ᠤᠨ ᠤ ᠡᠬᠦᠳᠡ ᠶᠢ ᠰᠡᠬᠦᠬᠦ ᠳᠤ᠂ ᠨᠠᠷᠠᠨ ᠮᠠᠨᠳᠤᠬᠤ ᠵᠦᠭ᠍ ᠠᠴᠠ ᠡᠷᠡᠮᠡᠬᠡᠶᠢᠯᠡᠨ ᠲᠠᠪᠰᠢᠬᠤ ᠤᠨᠠᠭᠠᠨ ᠭᠡᠷᠡᠯ ᠰᠠᠴᠤᠷᠠᠵᠦ᠂ ᠪᠢᠳᠠᠨ ᠢ ᠢᠳᠡᠭᠡᠯ ᠦᠭᠡᠳᠡ᠂ ᠢᠷᠡᠭᠡᠳᠦᠢ ᠦᠭᠡᠳᠡ᠂ ᠢᠯᠠᠭᠤᠭᠰᠠᠨ ᠬᠦᠭᠵᠢᠯᠳᠡ ᠦᠭᠡᠳᠡ ᠲᠠᠯᠠᠯᠵᠦ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ᠃ ᠰᠡᠳᠬᠢᠯ ᠤᠷᠮᠠᠰᠢᠭᠤᠯᠬᠤ ᠰᠢᠨ᠎ᠠ ᠴᠠᠬ ᠦᠶ᠎ᠡ ᠳᠡᠭᠡᠨ ᠪᠢᠳᠠ ᠶᠠᠮᠠᠷ ᠲᠦᠷᠰᠦ ᠪᠠᠶᠢᠳᠠᠯ ᠢᠶᠠᠷ ᠬᠠᠨᠳᠤᠬᠤ ᠪᠤᠢ︖ ᠰᠢᠨ᠎ᠠ ᠠᠶᠠᠯᠠᠯ ᠳᠠᠭᠠᠨ ᠶᠠᠮᠠᠷ ᠵᠢᠳᠬᠦᠯ ᠴᠢᠷᠮᠠᠶᠢᠯᠭ᠎ᠠ ᠭᠠᠷᠭᠠᠬᠤ ᠪᠤᠢ︖ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠵᠢᠯᠤᠭᠤᠳᠤᠯᠭ᠎ᠠ ᠪᠠᠷ᠂ ᠠᠤᠭ᠎ᠠ ᠵᠢᠷᠤᠭ ᠲᠦᠰᠦᠪ ᠢᠶᠠᠨ ᠵᠢᠷᠤᠭᠯᠠᠵᠦ᠂ ᠴᠦᠬᠦᠷᠡᠰᠢ ᠦᠭᠡᠢ ᠴᠢᠷᠮᠠᠶᠢᠬᠤ ᠮᠤᠩᠭᠤᠯ ᠮᠤᠷᠢᠨ ᠤ ᠵᠤᠷᠢᠭ ᠰᠠᠨᠠᠭ᠎ᠠ ᠪᠠᠷ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠪᠠᠷ ᠤᠮᠤᠭ ᠵᠤᠷᠢᠭ ᠪᠠᠳᠠᠷᠠᠩᠭᠤᠢ ᠪᠠᠷ ᠲᠡᠮᠡᠴᠡᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ᠂ ᠮᠠᠯ ᠠᠵᠦ ᠠᠬᠤᠢ ᠲᠠᠷᠢᠶᠠᠯᠠᠩ ᠤᠨ ᠪᠦᠲᠦᠭᠡᠨ ᠪᠠᠶᠢᠭᠤᠯᠤᠯᠳᠠ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠁ ᠡᠬᠢᠯᠡᠬᠦ ᠰᠢᠨ᠎ᠠ ᠤᠨ ᠳᠤ ᠦᠪᠦᠷ ᠮᠤᠩᠭᠤᠯ ᠤᠨ ᠬᠢᠵᠦ ᠪᠡᠶᠡᠯᠡᠬᠦᠯᠬᠦ ᠠᠵᠢᠯ ᠴᠤ ᠡᠭᠡᠨᠡᠭᠳᠡ ᠦᠯᠡᠮᠵᠢ᠃ ᠪᠢᠳᠠ ᠰᠢᠨ᠎ᠠ ᠴᠠᠬ ᠦᠶ᠎ᠡ ᠶᠢᠨ ᠢᠶᠠᠨ ᠲᠦᠯᠦᠭᠡ ᠰᠢᠨ᠎ᠠ ᠠᠶᠠᠨ ᠢᠶᠠᠨ ᠡᠬᠢᠯᠡᠬᠦᠯᠵᠦ᠂ ᠰᠢᠨ᠎ᠠ ᠶᠢ ᠡᠬᠦᠳᠦᠨ ᠡᠷᠡᠯᠭᠡᠭᠯᠡᠨ ᠤᠷᠤᠭᠰᠢᠯᠠᠵᠦ᠂ ᠰᠢᠨ᠎ᠠ ᠦᠷᠢᠰᠦᠯᠳᠦᠭᠡᠨ᠂ ᠰᠢᠨ᠎ᠠ ᠬᠦᠴᠢᠷ ᠠᠰᠠᠭᠤᠳᠠᠯ ᠢ ᠨᠢᠭᠡᠳ ᠨᠢᠭᠡ ᠪᠠᠷ ᠲᠤᠭᠤᠯᠤᠨ ᠰᠢᠢᠳᠪᠦᠷᠢᠯᠡᠪᠡᠯ ᠰᠠᠶᠢ ᠠᠵᠢᠯ ᠤᠨ ᠠᠯᠢᠪᠠ ᠡᠬᠦᠷᠭᠡ ᠪᠠᠨ ᠠᠮᠵᠢᠯᠳᠠ ᠲᠡᠬᠦᠯᠳᠡᠷ ᠪᠡᠶᠡᠯᠡᠬᠦᠯᠵᠦ ᠴᠢᠳᠠᠨ᠎ᠠ᠃ ᠰᠢᠨ᠎ᠠ ᠴᠠᠬ ᠦᠶ᠎ᠡ ᠵᠤᠭᠰᠤᠯᠳᠠ ᠪᠠᠳᠤ ᠬᠦᠮᠦᠰ ᠤᠨ ᠬᠢ᠂ ᠡᠷᠡᠯᠬᠡᠭᠯᠡᠨ ᠲᠡᠮᠡᠴᠡᠭᠰᠡᠳ ᠤᠨ ᠬᠢ᠂ ᠬᠦᠰᠡᠯ ᠡᠷᠡᠮᠡᠯᠵᠡᠯ ᠤᠨ ᠢᠶᠠᠨ ᠲᠦᠯᠦᠭᠡ ᠰᠢᠨᠳᠠᠷᠠᠰᠢ ᠦᠭᠡᠢ ᠵᠢᠳᠬᠦᠭᠡ ᠲᠠᠯ᠎ᠠ ᠨᠤᠲᠤᠭ ᠤᠨ ᠬᠤᠶᠠᠷ ᠮᠢᠩᠭ᠎ᠠ ᠲᠠᠪᠤᠨ ᠵᠠᠭᠤ ᠭᠠᠷᠤᠢ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠢ᠃ ᠪᠢᠳᠠ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦᠴᠢᠷ ᠲᠤ ᠢᠷᠡᠬᠦᠯᠦᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠦᠷ ᠮᠤᠩᠭᠤᠯ ᠤᠨ ᠢᠶᠠᠨ ᠡᠯ᠎ᠡ ᠲᠦᠷᠦᠯ ᠤᠨ ᠠᠵᠢᠯ ᠦᠢᠯᠡᠰ ᠢᠶᠠᠨ ᠵᠢᠯᠤᠭᠤᠳᠤᠭᠤᠯᠵᠦ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠦ᠂ ᠲᠤᠮᠳᠠᠳᠤ ᠶᠢᠨ ᠵᠡᠬᠦᠳᠤ ᠪᠠᠨ ᠬᠠᠮᠳᠤᠪᠠᠷ ᠲᠡᠷᠭᠡᠯᠰᠢᠬᠦᠯᠬᠦ ᠪᠠᠷ ᠤᠢᠢᠭ᠎ᠠ ᠦᠭᠡᠢ ᠠᠵᠢᠯᠯᠠᠨ᠂ ᠰᠢᠨ᠎ᠠ ᠢᠷᠠᠭᠤ ᠬᠠᠭᠤᠳᠠᠰᠤ ᠶᠢ ᠪᠢᠴᠢᠭᠯᠡᠨ᠎ᠡ᠃ ᠪᠠᠶᠠᠷᠳᠠᠢ᠂ ᠪᠤᠭᠤᠷᠤᠯ ᠤᠨ ᠪᠤᠶᠠᠨᠳᠤ 2017 ᠤᠨ︕ ᠰᠠᠶᠢᠨ ᠪᠠᠶᠢᠨ᠎ᠠ ᠤᠤ︖ ᠪᠤᠶᠠᠨ ᠭᠡᠰᠢᠭᠳᠦ 2018 ᠤᠨ︕