ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ

2018-01-15 / ᠬᠦᠬᠡᠬᠣᠲᠠ



2018-01-05-399df1683b-c4fa-4aa2-afab-9be78ab39492
ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ 2018 ᠣᠨ ᠤ 1 ᠳ᠋ᠦ᠋ᠭᠡᠷ ᠰᠠᠷ᠎ᠠ ᠶᠢᠨ 3 ᠠᠴᠠ 4 ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠡᠰᠢᠭᠦᠨ 72 ᠬᠦᠮᠦᠨ᠂ ᠤᠷᠤᠯᠠᠭᠴᠢ ᠬᠡᠰᠢᠭᠦᠨ 13 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ᠂ ᠬᠤᠰᠢᠭᠤ ᠰᠢᠶᠠᠨ ᠬᠤᠳᠠ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠨᠦᠬᠦᠳ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠠ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠤᠰ ᠲᠤᠰ ᠶᠠᠷᠢᠶ᠎ᠠ ᠲᠠᠯᠪᠢᠵᠠᠢ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠤᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠯᠢ ᠵᠢᠢ ᠾᠧᠩ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠦᠯᠦᠭᠡᠯᠡᠨ ᠬᠢᠭᠰᠡᠨ ᠠᠵᠢᠯ ᠤᠨ ᠮᠡᠳᠡᠭᠦᠯᠦᠯᠳᠡ ᠶᠢ ᠰᠤᠨᠤᠰᠤᠨ ᠶᠠᠷᠢᠯᠴᠠᠵᠤ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2018 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠪᠦᠬᠦᠳᠡ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠢᠭᠡ ᠵᠢᠯ ᠤᠨ ᠲᠤᠷᠰᠢᠬᠢ ᠠᠵᠢᠯ ᠢ ᠬᠦᠢᠴᠡᠳ ᠨᠤᠳᠠᠯᠠᠪᠠ᠃ ᠪᠦᠭᠦᠳᠡ ᠬᠤᠷᠠᠯ ᠠᠴᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠪᠦᠬᠦ ᠤᠷᠤᠨ ᠤ ᠦᠨᠳᠦᠰᠦᠳᠡᠨ ᠨᠦ᠋ᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠳᠤᠵᠤ ᠤᠬᠠᠭᠤᠯᠣᠨ ᠳᠣᠣᠱᠯᠠᠭᠤᠯᠬᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ᠂ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠵᠡᠷᠭᠡ ᠲᠤᠮᠤ ᠶᠠᠪᠤᠳᠠᠯ ᠢ ᠭᠤᠤᠯᠳᠠᠯᠭ᠎ᠠ ᠲᠠᠢ ᠠᠳᠬᠤᠵᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠠᠵᠢᠯ ᠤᠨ ᠬᠦᠨᠵᠡᠭᠡᠶᠢᠷᠡᠨ ᠬᠦᠭᠵᠢᠭᠦ ᠶᠢ ᠯᠠᠪᠳᠠᠭᠤᠨ ᠪᠠᠳᠤᠳᠠᠢ ᠠᠬᠢᠭᠤᠯᠵᠤ᠂ ᠠᠵᠤ ᠠᠬᠤᠢ ᠶᠢᠨ ᠲᠤᠭᠳᠠᠭᠤᠨ ᠢᠶᠠᠷ ᠡᠷᠡᠭᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠪᠠᠳᠤᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠳᠡᠢ ᠬᠦᠭᠵᠢᠭᠦᠯᠦᠨ᠂ ᠦᠵᠡᠯ ᠰᠠᠨᠠᠭ᠎ᠠ ᠰᠤᠷᠳᠠᠯ ᠤᠭᠭᠤᠯᠭ᠎ᠠ ᠰᠤᠶᠤᠯ ᠤᠨ ᠠᠵᠢᠯ ᠢ ᠦᠨᠡᠨᠭᠦ ᠴᠢᠩᠭᠠᠳᠬᠠᠵᠤ᠂ ᠦᠨᠳᠦᠰᠦᠳᠡᠨ ᠨᠦ᠋ᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠦᠷᠭᠦᠯᠵᠢᠯᠡᠨ ᠰᠠᠶᠢᠳᠤᠷ ᠠᠳᠬᠤᠵᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠡᠯ᠎ᠠ ᠵᠦᠢᠯ ᠤᠨ ᠦᠢᠯᠡᠰ ᠰᠢᠨ᠎ᠠ ᠠᠬᠢᠴᠠ ᠲᠠᠢ ᠪᠤᠯᠵᠤ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠪᠠ ᠬᠡᠵᠤ ᠰᠠᠨᠠᠯ ᠨᠢᠭᠡᠳᠡᠢ ᠦᠵᠡᠪᠡ᠃ ᠪᠦᠬᠦᠳᠡ ᠬᠤᠷᠠᠯ ᠠᠴᠠ᠂ ᠲᠦᠷᠦᠭᠦᠭᠡᠨ ᠬᠤᠷᠠᠯᠳᠤᠭᠰᠠᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠤᠯᠤᠭᠰᠠᠨ ᠲᠡᠤᠭᠡᠳᠦ ᠴᠢᠨᠠᠷᠳᠠᠢ ᠠᠮᠵᠢᠯᠳᠡ᠂ ᠭᠠᠷᠣᠭᠰᠠᠨ ᠲᠡᠤᠭᠡᠳᠦ ᠴᠢᠨᠠᠷᠳᠠᠢ ᠬᠤᠪᠢᠰᠤᠯᠳᠠ ᠶᠢ ᠪᠦᠬᠦ ᠲᠠᠯ᠎ᠠ ᠪᠠᠷ ᠳ᠋ᠦᠩᠨᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠦᠨᠵᠡᠭᠡᠢ ᠦᠭᠦᠯᠡᠨ ᠳᠣᠭᠠᠴᠢᠵᠣ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠬᠦᠨᠵᠡᠭᠡᠢ ᠵᠠᠳᠠᠯᠵᠤ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ᠂ ᠭᠤᠤᠯᠳᠠᠯᠭ᠎ᠠ ᠲᠠᠢ ᠡᠭᠦᠷᠭᠡ ᠶᠢ ᠲᠤᠳᠤᠷᠬᠠᠢ ᠲᠤᠷᠠᠳᠴᠤ᠂ ᠪᠢᠳᠡ ᠠᠵᠤ ᠠᠬᠤᠢ ᠶᠢᠨ ᠠᠵᠢᠯ ᠢᠶᠠᠨ ᠰᠠᠶᠢᠳᠤᠷ ᠬᠢᠭᠦ ᠳᠤ ᠦᠨᠳᠦᠰᠦᠨ ᠵᠢᠷᠤᠮᠯᠠᠯ ᠬᠠᠩᠭᠠᠵᠠᠢ ᠬᠡᠵᠤ ᠦᠵᠡᠪᠡ᠃ ᠪᠦᠬᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠦᠨᠳᠦᠷ ᠳᠤ ᠵᠤᠭᠰᠤᠨ ᠠᠯᠤᠰ ᠢ ᠪᠠᠷᠠᠯᠠᠵᠤ᠂ ᠰᠢᠨᠵᠢᠯᠡᠭᠦ ᠤᠬᠠᠭᠠᠨᠴᠢ ᠪᠠᠷ ᠠᠶᠠᠯᠠᠯ ᠢ ᠵᠠᠮᠴᠢᠯᠠᠵᠦ᠂ ᠠᠵᠤ ᠠᠬᠤᠢ ᠶᠢᠨ ᠪᠠᠶᠢᠳᠠᠯ ᠢ ᠤᠨᠤᠪᠴᠢᠳᠠᠢ ᠮᠠᠭᠠᠳᠯᠠᠨ᠂ ᠠᠵᠤ ᠠᠬᠤᠢ ᠶᠢᠨ ᠠᠵᠢᠯ ᠳᠤ ᠣᠨᠣᠪᠴᠢᠳᠠᠢ ᠰᠢᠢᠳᠪᠦᠷᠢᠳᠤ ᠪᠤᠳᠤᠯᠭ᠎ᠠ ᠲᠤᠭᠳᠠᠭᠠᠵᠤ᠂ ᠬᠦᠭᠵᠢᠯᠳᠡ ᠶᠢᠨ ᠰᠡᠳᠬᠢᠴᠡ ᠳᠡᠭᠡᠨ ᠰᠢᠨᠵᠢᠯᠡᠭᠦ ᠤᠬᠠᠭᠠᠨᠴᠢ ᠪᠠᠷ ᠲᠤᠬᠢᠷᠠᠭᠤᠯᠦᠯᠳᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠲᠡᠤᠭᠡᠳᠦ ᠴᠢᠨᠠᠷᠳᠠᠢ ᠠᠮᠵᠢᠯᠳᠡ ᠤᠯᠵᠤ᠂ ᠲᠡᠤᠭᠡᠳᠦ ᠴᠢᠨᠠᠷᠳᠠᠢ ᠬᠤᠪᠢᠰᠤᠯᠳᠠ ᠭᠠᠷᠬᠤ ᠶᠢ ᠬᠦᠳᠦᠯᠦᠨ ᠵᠢᠯᠤᠭᠤᠳᠪᠠ᠃ 5 ᠵᠢᠯ ᠤᠨ ᠲᠤᠷᠰᠢ᠂ ᠨᠠᠮ ᠤᠨ ᠲᠦᠪ ᠬᠤᠷᠢᠶ᠎ᠠ ᠠᠵᠤ ᠠᠬᠤᠢ ᠶᠢᠨ ᠠᠵᠢᠯ ᠳᠠᠬᠢ ᠨᠠᠮ ᠤᠨ ᠲᠦᠪᠯᠡᠷᠡᠩᠬᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠵᠤ᠂ ᠡᠵᠡᠮᠰᠢᠵᠤ᠂ ᠬᠦᠳᠦᠯᠦᠨ ᠲᠠᠭᠠᠭᠤᠯᠬᠤ ᠶᠢ ᠪᠠᠷᠢᠮᠳᠠᠯᠠᠵᠤ᠂ ᠡᠬᠢ ᠪᠠᠶᠠᠯᠢᠭ ᠢ ᠲᠤᠬᠢᠷᠠᠭᠤᠯᠬᠤ ᠳᠣᠮᠳᠠ ᠵᠠᠬ᠎ᠠ ᠲᠡᠯᠭᠡᠭᠦᠷ ᠤᠨ ᠰᠢᠢᠳᠪᠦᠷᠢᠯᠡᠭᠴᠢ ᠴᠢᠨᠠᠷᠳᠠᠢ ᠦᠢᠯᠡᠳᠦᠯ ᠦᠵᠡᠭᠦᠯᠬᠦ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠦᠷ ᠪᠠᠳᠠᠷᠠᠭᠤᠯᠬᠤ ᠶᠢ ᠪᠠᠷᠢᠮᠳᠠᠯᠠᠵᠤ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠭᠤᠤᠯ ᠵᠦᠷᠢᠴᠡᠯ ᠤᠨ ᠬᠤᠪᠢᠷᠠᠯᠳᠠ ᠳᠤ ᠵᠤᠬᠢᠴᠠᠬᠤ ᠶᠢ ᠪᠠᠷᠢᠮᠳᠠᠯᠠᠨ ᠬᠤᠷᠸ᠎ᠠ ᠡᠵᠡᠮᠰᠢᠯ ᠲᠤᠬᠢᠷᠠᠭᠤᠯᠭ᠎ᠠ ᠶᠢ ᠲᠡᠭᠦᠯᠳᠡᠷᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠯᠳᠤᠬᠤ ᠪᠤᠳᠤᠯᠭ᠎ᠠ ᠶᠢ ᠪᠠᠶᠢᠷᠢᠯᠠᠭᠤᠯᠵᠣ᠂ ᠵᠦᠪ ᠠᠵᠢᠯ ᠤᠨ ᠠᠷᠭ᠎ᠠ ᠪᠤᠳᠤᠯᠭ᠎ᠠ ᠪᠠ ᠠᠷᠭ᠎ᠠ ᠬᠡᠮᠵᠢᠶ᠎ᠠ ᠶᠢ ᠪᠠᠷᠢᠮᠳᠠᠯᠠᠵᠦ᠂ ᠦᠢᠯᠡᠳᠦᠯᠭᠡ ᠲᠤᠮᠳᠠ ᠰᠢᠨ᠎ᠠ ᠬᠦᠭᠵᠢᠯᠳᠡ ᠶᠢᠨ ᠣᠨᠣᠯᠵᠢᠬᠤᠨ ᠢᠶᠠᠷ ᠭᠤᠤᠯ ᠠᠭᠤᠯᠭ᠎ᠠ ᠪᠤᠯᠭᠠᠭᠰᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ  ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ ᠡᠨᠡᠭᠦ ᠴᠢᠬᠤᠯᠠ ᠦᠵᠡᠯ ᠰᠠᠨᠠᠭ᠎ᠠ ᠪᠤᠯ᠂ 5 ᠵᠢᠯ ᠤᠨ ᠲᠤᠷᠰᠢ ᠨᠠᠮ ᠤᠨ ᠲᠦᠪ ᠬᠤᠷᠢᠶ᠎ᠠ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠦᠢᠯᠡᠳᠦᠯᠭᠡ ᠶᠢ ᠠᠬᠢᠭᠤᠯᠤᠭᠰᠠᠨ ᠤᠨᠤᠯ ᠤᠨ ᠤᠬᠢ ᠲᠠᠯᠠᠰᠳᠦ ᠪᠤᠯᠤᠨ᠎ᠠ᠂ ᠮᠠᠷᠺᠰ  ᠤᠨ ᠦᠵᠡᠯ ᠤᠨ ᠦᠨᠳᠦᠰᠦᠨ ᠤᠭ ᠶᠤᠰᠤ ᠶᠢ ᠬᠡᠷᠡᠭᠯᠡᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠳᠤ ᠬᠢᠭᠰᠡᠨ ᠤᠶᠤᠨᠴᠢ ᠬᠤᠷᠢᠶᠠᠩᠭᠤᠶᠢᠯᠠᠯ ᠪᠤᠯᠤᠨ᠎ᠠ᠂ ᠨᠠᠮ ᠪᠤᠯᠤᠨ ᠤᠯᠤᠰ ᠤᠨ ᠲᠤᠶᠢᠯ ᠤᠨ ᠬᠤᠪᠤᠷ ᠨᠠᠨᠳᠢᠨ ᠤᠶᠤᠨ ᠰᠠᠨᠠᠭᠠᠨ ᠤ ᠦᠪ ᠬᠦᠷᠦᠩᠭᠡ ᠪᠤᠯᠤᠨ᠎ᠠ᠂ ᠪᠢᠳᠡ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠳᠤ ᠵᠠᠪᠠᠯ ᠤᠷᠳᠤ ᠬᠤᠭᠤᠴᠠᠭ᠎ᠠ ᠪᠠᠷ ᠪᠠᠷᠢᠮᠳᠠᠯᠠᠬᠤ ᠵᠢᠯᠤᠭᠤᠳᠬᠤ ᠦᠵᠡᠯ ᠰᠠᠨᠠᠭ᠎ᠠ ᠪᠤᠯᠤᠨ᠎ᠠ ᠭᠡᠵᠦ ᠦᠵᠡᠪᠡ᠃ ᠪᠦᠬᠦᠳᠡ ᠬᠤᠷᠠᠯ ᠠᠴᠠ᠂ 2018 ᠣᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠳᠡ ᠶᠢᠨ ᠵᠢᠯ ᠪᠣᠯᠣᠨ᠎ᠠ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ︽ 13·5︾ ᠶᠢᠨ ᠲᠦᠯᠦᠪᠵᠢᠭᠦᠯᠭᠡ ᠶᠢ ᠬᠡᠷᠡᠭᠵᠢᠭᠦᠯᠭᠦ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠵᠤ᠂ ᠮᠠᠨ ᠤ ᠤᠯᠤᠰ ᠤᠨ ᠨᠡᠶᠢᠭᠡᠮ  ᠤᠨ ᠭᠤᠤᠯ ᠵᠦᠷᠢᠴᠡᠯ ᠤᠨ ᠬᠤᠪᠢᠷᠠᠯᠳᠠ ᠶᠢᠨ ᠳᠣᠭᠤᠷᠢᠨ ᠳᠤ᠂ ᠴᠢᠨᠠᠷ ᠰᠠᠶᠢᠳᠠᠢ ᠬᠦᠭᠵᠢᠭᠦᠯᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠳᠤ ᠠᠰᠢᠭ ᠬᠦᠷᠳᠡᠭᠡᠭᠦ᠂ ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠦᠨ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠲᠦᠷᠭᠡᠳᠭᠡᠵᠤ᠂ ᠴᠢᠨᠠᠷ ᠤᠨ ᠬᠤᠪᠢᠰᠤᠯᠳᠠ᠂ ᠥᠷ᠎ᠡ ᠪᠥᠲᠥᠮᠵᠢ ᠶᠢᠨ ᠬᠤᠪᠢᠰᠤᠯᠳᠠ᠂ ᠬᠦᠳᠡᠯᠭᠡᠭᠦ ᠬᠦᠴᠦᠨ ᠤ ᠬᠤᠪᠢᠰᠤᠯᠳᠠ ᠶᠢ ᠶᠡᠭᠡᠪᠡᠷ ᠠᠬᠢᠭᠤᠯᠵᠤ᠂ ᠬᠦᠨᠳᠦ ᠶᠡᠭᠡ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠦᠯ ᠢ ᠰᠡᠷᠬᠡᠶᠢᠯᠡᠨ ᠵᠠᠰᠠᠬᠤ ᠭᠤᠷᠪᠠᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠣᠷ ᠬᠢᠵᠦ᠂ ᠬᠦᠭᠵᠢᠯᠳᠡ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ ᠬᠤᠷᠢᠭ᠎ᠠ ᠱᠤᠭᠤᠮ ᠢ ᠡᠷᠡᠰ ᠰᠠᠶᠢᠳᠤᠷ ᠰᠠᠬᠢᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃ ᠪᠦᠬᠦᠳᠡ ᠬᠤᠷᠠᠯ ᠠᠴᠠ᠂ ᠤᠳᠤᠬᠠᠨ ᠳᠤ ᠮᠠᠨ ᠤ ᠤᠯᠤᠰ ᠤᠨ ᠠᠵᠤ ᠠᠬᠤᠢ ᠨᠢᠭᠡᠨᠳᠡ ᠲᠦᠷᠭᠡᠨ ᠨᠡᠮᠡᠭᠳᠡᠯ  ᠤᠨ ᠱᠠᠳᠤᠨ ᠠᠴᠠ ᠪᠠᠨ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠰᠢᠯᠵᠢᠪᠡ᠂ ᠪᠢᠳᠡ ᠡᠷᠬᠡᠪᠰᠢ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠳᠤ ᠡᠵᠡᠮᠰᠢᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠡᠨᠡᠭᠦ ᠦᠨᠳᠦᠰᠦᠨ ᠱᠠᠭᠠᠷᠳᠠᠯᠭ᠎ᠠ ᠶᠢ ᠪᠠᠳᠤ ᠡᠵᠡᠮᠰᠢᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠡᠨᠡᠭᠦ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠠᠳᠤ ᠡᠵᠡᠮᠰᠢᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠡᠵᠡᠮᠰᠢᠵᠤ᠂ ᠬᠦᠭᠵᠢᠯᠳᠡ ᠶᠢᠨ ᠰᠡᠳᠬᠢᠴᠡ ᠶᠢᠨ ᠦᠷᠭᠦᠯᠵᠢᠯᠡᠭᠦ ᠴᠢᠨᠠᠷ ᠪᠠ ᠲᠤᠭᠳᠠᠭᠤᠨ ᠴᠢᠨᠠᠷ ᠢ ᠪᠠᠳᠤ ᠡᠵᠡᠮᠰᠢᠵᠤ᠂ ᠢᠳᠡᠭᠡᠯ ᠵᠤᠷᠢᠭ ᠢᠶᠠᠨ ᠪᠠᠳᠤᠳᠬᠠᠨ᠂ ᠠᠵᠠ ᠲᠤᠬᠢᠶᠠᠯ ᠢ ᠠᠮᠵᠢᠵᠤ᠂ ᠡᠷᠴᠢ ᠵᠣᠷᠢᠭ ᠢᠶᠠᠨ ᠬᠦᠪᠴᠢᠯᠡᠵᠦ᠂ ᠨᠡᠶᠢᠳᠡᠪᠦᠷᠢᠵᠢᠭᠤᠯᠬᠤ ᠶᠢ ᠴᠢᠩᠭ᠎ᠠ ᠠᠳᠬᠤᠵᠤ᠂ ᠮᠠᠨ ᠤ ᠤᠷᠤᠨ ᠤ ᠠᠵᠤ ᠠᠬᠤᠢ ᠶᠢᠨ ᠨᠡᠩ ᠴᠢᠨᠠᠷ ᠰᠠᠶᠢᠳᠠᠢ᠂ ᠨᠡᠩ ᠦᠷ᠎ᠡ ᠠᠰᠢᠭ ᠲᠠᠢ᠂ ᠨᠡᠩ ᠡᠷᠭᠡ ᠲᠡᠭᠰᠢ᠂ ᠨᠡᠩ ᠦᠷᠭᠦᠯᠵᠢᠯᠡᠭᠦ ᠴᠢᠭᠯᠡᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃ ᠪᠦᠬᠦᠳᠡ ᠬᠤᠷᠠᠯ ᠠᠴᠠ᠂ ᠨᠢᠭᠡᠳᠦᠯᠳᠡᠢ ᠲᠦᠯᠦᠪᠵᠢᠭᠦᠯᠭᠦ ᠶᠢ ᠴᠢᠩᠭᠠᠳᠬᠠᠨ᠂ ᠪᠦᠬᠦ ᠲᠠᠯ᠎ᠠ ᠪᠠᠷ ᠠᠬᠢᠭᠤᠯᠬᠤ ᠶᠢᠨ ᠬᠠᠮᠳᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ ᠂ ᠡᠨᠡ ᠵᠢᠯ ᠤᠨ ᠠᠵᠤ ᠠᠬᠤᠢ ᠶᠢᠨ ᠠᠵᠢᠯ ᠢ ᠦᠷ᠎ᠠ ᠪᠦᠳᠦᠮᠵᠢᠳᠡᠢ ᠰᠠᠶᠢᠳᠤᠷ ᠬᠢᠭᠦ ᠬᠡᠷᠡᠭᠳᠡᠢ᠃ ᠭᠤᠷᠪᠠᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠲᠡᠭᠡᠷ᠎ᠠ ᠠᠩᠬᠠᠷᠦᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠭᠦᠯᠵᠤ᠂ ᠲᠤᠰᠬᠠᠢ ᠲᠦᠰᠦᠯ ᠲᠤᠭᠳᠠᠭᠠᠨ᠂ ᠬᠠᠳᠠᠭᠤ ᠠᠷᠭ᠎ᠠ ᠬᠡᠮᠵᠢᠶ᠎ᠠ ᠠᠪᠴᠤ᠂ ᠲᠦᠭᠰᠢᠭᠦᠷᠢ ᠶᠢᠨ ᠬᠡᠮ ᠰᠤᠭᠤᠭ ᠢ ᠰᠠᠨᠠᠭᠠᠴᠢᠯᠠᠭ᠎ᠠ ᠠᠴᠠ ᠪᠠᠨ ᠨᠠᠮᠳᠠᠭᠤᠯᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠮᠦᠩᠭᠦᠨ ᠬᠦᠢᠯᠭᠡᠭᠡᠨ ᠤ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠨ ᠡᠵᠡᠮᠳᠡᠵᠦ᠂ ᠬᠠᠤᠯᠢ ᠲᠤᠭᠳᠠᠭᠠᠯ ᠠᠴᠠ ᠵᠦᠷᠢᠴᠡᠭᠰᠡᠨ ᠮᠦᠩᠭᠦᠨ ᠬᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠦ᠂ ᠲᠦᠭᠰᠢᠭᠦᠷᠢ ᠶᠢᠨ ᠬᠡᠮ ᠰᠤᠭᠤᠭ ᠢ ᠰᠡᠷᠡᠮᠵᠢᠯᠡᠭᠦᠯᠭᠦ ᠪᠠ ᠪᠠᠴᠢᠮ ᠠᠷᠭᠠᠴᠠᠨ ᠰᠢᠢᠳᠪᠦᠷᠢᠯᠡᠭᠦ ᠲᠤᠭᠳᠠᠴᠠ ᠶᠢ ᠪᠦᠷᠢᠨᠰᠢᠭᠦᠯᠵᠤ᠂ ᠵᠠᠰᠠᠭ ᠤᠨ ᠤᠷᠳᠤᠨ ᠤ ᠦᠷᠢ ᠦᠭᠴᠡᠭᠡ ᠠᠴᠠ ᠨᠠᠰᠤᠨ ᠲᠤᠷᠰᠢᠳᠠ ᠬᠠᠷᠢᠭᠤᠴᠠᠯᠭ᠎ᠠ ᠲᠤᠯᠭᠠᠬᠤ ᠲᠦᠷᠢᠮ ᠪᠠ ᠦᠷᠢ ᠦᠭᠴᠡᠭᠡ ᠶᠢᠨ ᠠᠰᠠᠭᠤᠳᠠᠯ ᠤᠨ ᠬᠡᠳᠡᠷᠭᠦ ᠪᠠᠶᠢᠴᠠᠭᠠᠬᠤ ᠲᠤᠭᠳᠠᠴᠠ ᠶᠢ ᠲᠡᠭᠦᠯᠳᠡᠷᠵᠢᠭᠦᠯᠵᠤ᠂ ᠰᠢᠰᠲ᠋ᠧᠮᠲᠤ ᠴᠢᠨᠠᠷᠳᠠᠢ ᠲᠦᠭᠰᠢᠭᠦᠷᠢ ᠦᠯᠦ ᠡᠭᠦᠰᠭᠦ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ︔ ᠤᠨᠴᠠ ᠲᠤᠭᠲᠠᠭᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠴᠢᠭᠯᠡᠭᠦᠯᠦᠨ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠤᠨᠴᠠ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠠᠩᠬᠠᠷᠣᠯ ᠢᠶᠠᠨ ᠲᠦᠪᠯᠡᠷᠡᠭᠦᠯᠦᠨ ᠬᠦᠴᠦᠯᠡᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠤᠲᠤᠭᠠᠳᠦ ᠶᠢᠨ ᠬᠦᠳᠡᠯᠬᠡᠬᠦ ᠬᠦᠴᠦᠨ ᠢ ᠬᠦᠭᠵᠢᠭᠡᠵᠦ᠂ ᠶᠠᠳᠠᠭᠤ ᠶᠢ ᠳᠡᠳᠭᠦᠬᠦ ᠬᠦᠷᠢᠶᠡᠨ ᠤ ᠢᠯᠵᠡᠷᠡᠯ ᠪᠤᠯᠤᠨ ᠰᠤᠷᠲᠠᠯ ᠤᠨ ᠠᠰᠠᠭᠤᠳᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠵᠦ᠂ ᠰᠢᠯᠭᠠᠨ ᠪᠠᠶᠢᠴᠠᠭᠠᠵᠣ ᠬᠢᠨᠠᠯᠲᠠ ᠲᠠᠯᠪᠢᠬᠤ ᠶᠢ ᠴᠢᠩᠭᠠᠳᠬᠠᠨ ᠰᠠᠶᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠲᠦᠭᠡᠯ ᠲᠡᠥᠬᠡ ᠪᠤᠯᠤᠨ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠦ ᠳᠡᠶᠢᠯᠬᠦ ᠶᠢ ᠪᠠᠲᠤᠯᠠᠬᠤ ᠬᠡᠷᠡᠭᠲᠡᠢ︔ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠮᠤᠭ ᠤᠨ ᠴᠢᠩᠭ᠎ᠠ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ ᠡᠷᠡᠰ ᠬᠡᠷᠡᠭᠵᠢᠬᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠦ᠂ ᠭᠤᠤᠯ ᠪᠤᠯᠬᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ ᠪᠠᠭᠠᠰᠬᠠᠵᠦ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠶᠡᠷᠦᠩᠬᠡᠢ ᠳᠤᠨᠢ ᠰᠠᠶᠢᠵᠢᠷᠠᠭᠤᠯᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠭᠦᠯᠵᠦ᠂ ᠬᠦᠴᠦᠨ ᠵᠦᠢᠯ ᠤᠨ ᠲᠤᠬᠢᠷᠠᠭᠤᠯᠤᠯᠲᠠ ᠭᠠᠵᠢᠭᠤᠳᠠᠭᠰᠠᠨ ᠡᠨᠡᠬᠦ ᠪᠦᠲᠦᠴᠡ ᠶᠢᠨ ᠴᠢᠨᠠᠷᠲᠠᠢ ᠵᠦᠷᠢᠴᠡᠯ ᠤᠨ ᠡᠬᠢ ᠡᠭᠦᠰᠦᠯ ᠢ ᠠᠳᠬᠤᠵᠦ᠂ ᠬᠦᠴᠦᠨ ᠵᠦᠢᠯ ᠢ ᠵᠠᠬ᠎ᠠ ᠳᠡᠯᠬᠡᠬᠦᠷᠵᠢᠭᠦᠯᠦᠨ ᠲᠤᠬᠢᠷᠠᠭᠤᠯᠬᠤ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ︽ᠡᠪᠳᠡᠬᠦ︾ ︽ᠪᠠᠶᠢᠭᠤᠯᠬᠤ︾ ︽ᠪᠠᠭᠤᠷᠠᠭᠤᠯᠬᠤ︾ ᠳᠡᠭᠡᠷ᠎ᠡ ᠶᠡᠭᠡ ᠬᠦᠴᠦ ᠣᠷᠣᠭᠤᠯᠵᠣ᠂ ᠤᠯᠠᠮᠵᠢᠯᠠᠯᠲᠦ ᠠᠵᠦ ᠦᠢᠯᠡᠰ ᠢ ᠦᠭᠡᠷᠡᠴᠢᠯᠡᠨ ᠳᠡᠰ ᠳᠡᠪᠰᠢᠬᠦᠯᠬᠦ ᠶᠢ ᠳᠡᠮᠵᠢᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠵᠣ ᠪᠠᠶᠢᠭ᠎ᠠ ᠠᠵᠦ ᠦᠢᠯᠡᠰ ᠢ ᠬᠦᠭᠵᠢᠬᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠣᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠴᠠᠬᠢᠯᠭᠠᠨ ᠳᠣᠣᠷ᠂ ᠬᠤᠭᠤᠯᠠᠢ ᠭᠤᠣᠷᠰᠣ᠂ ᠬᠤᠲᠠ ᠶᠢᠨ ᠶᠠᠪᠤᠳᠠᠯ᠂ ᠤᠰᠤᠨ ᠠᠰᠢᠭᠯᠠᠯᠲᠠ᠂ ᠮᠡᠳᠡᠭᠡ ᠵᠠᠩᠬᠢ᠂ ᠪᠤᠳᠠᠰ ᠤᠨ ᠬᠦᠢᠯᠭᠡᠭᠡ ᠵᠡᠷᠭᠡ ᠦᠨᠳᠦᠰᠦᠨ ᠲᠦᠬᠦᠭᠡᠷᠦᠮᠵᠢ ᠶᠢ ᠳᠣᠣᠷᠵᠢᠭᠤᠯᠬᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠪᠡᠯᠡ ᠤᠷᠤᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠬᠦᠯᠬᠦ ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠬᠦᠢᠴᠡᠳ ᠪᠠᠳᠠᠷᠠᠭᠤᠯᠵᠦ᠂ ᠬᠠᠩᠭᠠᠯᠭ᠎ᠠ  ᠶᠢᠨ ᠰᠢᠰᠲ᠋ᠧᠮ ᠤᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠠᠰᠤᠷᠠᠯᠳᠠ ᠦᠬᠡᠢ ᠳᠡᠭᠡᠭᠰᠢᠯᠡᠬᠦᠯᠬᠦ ᠬᠡᠷᠡᠭᠲᠡᠢ᠃ ᠪᠤᠳᠠᠳᠦ ᠴᠤᠭᠴᠠ ᠶᠢᠨ ᠠᠵᠦ ᠠᠬᠤᠢ ᠶᠢ ᠪᠤᠵᠠᠭᠠᠶᠢᠷᠠᠭᠤᠯᠬᠤ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ  ᠢᠶᠠᠨ ᠲᠦᠪᠯᠡᠷᠡᠬᠦᠯᠵᠦ᠂ ᠠᠵᠦ ᠠᠬᠤᠢ ᠶᠢ ᠬᠦᠭᠵᠢᠬᠦᠯᠬᠦ ᠬᠦᠴᠦᠯᠡᠬᠦ ᠴᠡᠭ ᠢᠶᠠᠨ ᠢᠮᠠᠭᠲᠠ ᠪᠤᠳᠠᠳᠦ ᠴᠤᠭᠴᠠ ᠶᠢᠨ ᠠᠵᠦ ᠠᠬᠤᠢ ᠳᠡᠭᠡᠷ᠎ᠡ ᠳᠠᠯᠪᠢᠵᠦ᠂ ᠠᠵᠦ ᠦᠢᠯᠡᠳᠪᠦᠷᠢ ᠶᠢᠨ ᠪᠡᠯᠡ ᠤᠷᠤᠭᠤᠯᠤᠯᠲᠠ ᠶᠢ ᠦᠷᠭᠡᠳᠭᠡᠵᠦ᠂ ᠡᠯ᠎ᠡ ᠲᠦᠷᠦᠯ ᠤᠨ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠠᠮᠢᠳᠤᠯᠢᠭ ᠬᠦᠴᠦᠨ ᠢ ᠬᠦᠭᠵᠢᠭᠡᠵᠦ᠂ ᠬᠦᠷᠢᠶᠡᠯᠡᠩ ᠲᠤᠭᠤᠷᠢᠭ ᠢ ᠮᠠᠨᠳᠤᠭᠤᠯᠬᠤ ᠲᠦᠯᠦᠪᠯᠡᠭᠡ ᠶᠢ ᠲᠤᠭᠲᠠᠭᠠᠨ ᠬᠡᠷᠡᠭᠵᠢᠬᠦᠯᠵᠦ᠂ ᠠᠵᠦ ᠠᠬᠤᠶᠢᠯᠠᠯᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠪᠤᠳᠠᠳᠦ ᠴᠤᠭᠴᠠ ᠶᠢᠨ ᠠᠵᠦ ᠠᠬᠤᠢ ᠶᠢ ᠬᠦᠭᠵᠢᠭᠦᠯᠬᠦ ᠤᠷᠴᠢᠨ ᠲᠤᠭᠤᠷᠢᠨ ᠢ ᠰᠢᠯᠢᠳᠡᠭᠵᠢᠬᠦᠯᠵᠦ᠂ ᠬᠦᠭᠵᠢᠯᠲᠡ ᠶᠢᠨ ᠰᠠᠭᠤᠷᠢ ᠶᠢ ᠴᠢᠨᠠᠭᠰᠢᠲᠠ ᠪᠠᠳᠣᠳᠬᠠᠵᠣ᠂ ᠠᠵᠦ ᠠᠬᠤᠢ ᠶᠢᠨ ᠴᠢᠨᠠᠷ ᠴᠢᠨᠰᠠᠭ᠎ᠠ ᠶᠢᠨ ᠳᠠᠪᠠᠭᠤᠯᠢᠭ ᠢ ᠴᠢᠩᠭᠠᠷᠠᠭᠤᠯᠬᠤ ᠬᠡᠷᠡᠭᠲᠡᠢ᠃ ᠬᠦᠳᠡᠭᠡ ᠲᠤᠰᠬᠤᠨ ᠢ ᠮᠠᠨᠳᠤᠭᠤᠯᠬᠤ ᠶᠢ ᠠᠬᠢᠭᠤᠯᠬᠤ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠬᠦᠯᠵᠦ᠂ ᠮᠠᠯ ᠠᠵᠦ ᠠᠬᠤᠢ ᠲᠠᠷᠢᠶᠠᠯᠠᠩ ᠪᠤᠯᠤᠨ ᠮᠠᠯᠵᠢᠬᠤ ᠳᠠᠷᠢᠶᠠᠯᠠᠬᠤ ᠤᠷᠤᠨ ᠢ ᠤᠷᠢᠳᠡᠪᠡᠷ ᠬᠦᠭᠵᠢᠬᠦᠯᠬᠦ ᠶᠢ ᠪᠠᠷᠢᠮᠳᠠᠯᠠᠵᠦ᠂ ᠠᠵᠦ ᠦᠢᠯᠡᠰ ᠬᠦᠭᠵᠢᠨ ᠮᠠᠨᠳᠤᠭᠰᠠᠨ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠨᠣᠳᠤᠭ ᠤᠨ ᠵᠠᠩᠰᠢᠯ ᠪᠤᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠬᠦᠳᠡᠭᠡ ᠳᠣᠰᠬᠤᠨ ᠢ ᠬᠦᠭᠵᠢᠭᠦᠯᠤᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠲᠦᠯᠦᠪᠵᠢᠭᠦᠯᠭᠡ ᠶᠢ ᠰᠢᠮᠳᠠᠭᠤᠯᠤᠨ ᠳᠣᠭᠳᠠᠭᠠᠵᠣ᠂ ᠬᠤᠲᠠ ᠬᠦᠳᠡᠭᠡ ᠶᠢ ᠠᠭᠤᠰᠤᠯᠴᠠᠭᠤᠯᠣᠨ ᠬᠦᠭᠵᠢᠭᠦᠯᠬᠦ ᠪᠠᠶᠢᠭᠤᠯᠤᠮᠵᠢ ᠲᠤᠭᠲᠠᠴᠠ ᠪᠤᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠢ ᠬᠦᠭᠵᠢᠬᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠬᠦᠳᠡᠭᠡ ᠨᠣᠳᠤᠭ ᠢ ᠪᠦᠲᠦᠭᠡᠨ ᠪᠠᠶᠢᠭᠤᠯᠬᠤ ᠬᠡᠷᠡᠭᠲᠡᠢ᠃ ᠰᠢᠨ᠎ᠡ ᠬᠦᠳᠡᠯᠭᠡᠬᠦ ᠬᠦᠴᠦᠨ ᠢ ᠪᠣᠶᠢᠵᠢᠭᠤᠯᠣᠨ ᠬᠦᠭᠵᠢᠬᠦᠯᠬᠦ ᠳᠡᠬᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠬᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ︽ ᠲᠠᠯᠪᠢᠬᠤ ᠬᠠᠮᠢᠶᠠᠷᠬᠤ ᠦᠢᠯᠡᠴᠢᠯᠡᠬᠦ︾᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠯᠤᠰ ᠤᠨ ᠦᠮᠴᠢᠯᠡᠯ ᠤᠨ ᠡᠳ᠋ ᠬᠦᠷᠦᠩᠭᠡ᠂ ᠡᠳ᠋ ᠤᠨ ᠵᠠᠰᠠᠭ᠂ ᠭᠠᠶᠢᠯᠢ᠂ ᠮᠦᠩᠬᠦᠨ ᠬᠦᠢᠯᠭᠡᠭᠡᠨ ᠪᠠ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠢ ᠬᠡᠢ᠂ ᠤᠷᠤᠨ ᠰᠠᠭᠤᠴᠠ ᠵᠡᠷᠭᠡ ᠬᠦᠷᠢᠶᠡᠨ ᠤ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠲᠤᠲᠤᠭᠠᠳᠦ ᠭᠠᠳᠠᠭᠠᠳᠦ ᠨᠡᠭᠡᠭᠡᠯᠲᠡ ᠪᠠᠨ ᠦᠷᠭᠡᠳᠭᠡᠵᠦ᠂ ᠬᠦᠬᠡᠬᠤᠲᠠ ᠪᠤᠭᠤᠲᠦ ᠤᠷᠲᠦᠰ ᠤᠨ ᠵᠤᠬᠢᠴᠠᠩᠭᠤᠢ ᠬᠦᠭᠵᠢᠯᠳᠡ᠂ ᠵᠡᠬᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠳᠣ ᠬᠦᠭᠵᠢᠯᠲᠡ᠂ ᠬᠠᠲᠤᠨ ᠭᠤᠤᠯ ᠳᠠᠭᠠᠥ ᠶᠢᠨ ᠠᠵᠦ ᠠᠬᠤᠢ  ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠤᠷᠢᠨᠭᠡᠷ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠦ᠂ ᠠᠵᠦ ᠠᠬᠤᠢ ᠨᠡᠶᠢᠬᠡᠮ ᠤᠨ ᠬᠦᠭᠵᠢᠯᠲᠡ ᠳᠤ ᠬᠦᠴᠦᠷᠭᠡᠭ ᠶᠡᠭᠡ ᠬᠦᠳᠡᠯᠭᠡᠬᠦ ᠬᠦᠴᠦᠨ ᠬᠠᠩᠭᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠠᠵᠢᠯ ᠢ ᠪᠤᠲᠠᠲᠠᠢ ᠬᠢᠵᠦ ᠨᠠᠷᠢᠯᠢᠭ ᠬᠢᠬᠦ ᠳᠡᠬᠡᠷ᠎ᠡ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠲᠦᠪᠯᠡᠷᠡᠬᠦᠯᠵᠦ ᠂ ᠠᠷᠠᠳ ᠲᠦᠮᠡᠨ ᠢᠶᠡᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠶᠢ ᠦᠨᠡᠨ ᠠᠴᠠ ᠵᠦᠪ ᠢ ᠡᠷᠢᠬᠦ ᠦᠵᠡᠯ ᠰᠠᠨᠠᠭᠠᠨ ᠤ ᠱᠤᠭᠤᠮ ᠢ ᠪᠠᠷᠢᠮᠳᠠᠯᠠᠬᠤ ᠲᠠᠢ ᠳᠣᠩ ᠰᠠᠶᠢᠨ ᠨᠢᠭᠡᠳᠭᠡᠵᠦ᠂ ᠪᠦᠬᠦ ᠬᠦᠴᠦᠨ ᠢᠶᠠᠷ ᠶᠢᠨ ᠴᠢᠷᠮᠠᠶᠢᠵᠤ᠂ ᠴᠢᠳᠠᠯ ᠤᠨ ᠬᠢᠷᠢ ᠳᠣᠳᠣᠷ᠎ᠠ ᠪᠠᠨ ᠠᠷᠠᠳ ᠤᠯᠠᠨ ᠲᠦᠮᠡᠨ ᠤ ᠬᠠᠯᠠᠮᠵᠢᠯᠠᠵᠦ ᠪᠠᠶᠢᠭ᠎ᠠ ᠰᠤᠷᠭᠠᠨ ᠬᠦᠮᠦᠵᠢᠯ᠂ ᠠᠵᠢᠯ ᠤᠯᠭᠤᠯᠲᠠ᠂ ᠤᠷᠤᠯᠭ᠎ᠠ᠂ ᠨᠡᠶᠢᠬᠡᠮ ᠤᠨ ᠪᠠᠲᠤᠯᠠᠪᠤᠷᠢ᠂ ᠤᠷᠤᠨ ᠰᠠᠭᠤᠴᠠ᠂ ᠡᠮ ᠡᠮᠨᠡᠯᠭᠡ ᠡᠷᠡᠬᠦᠯ ᠬᠠᠮᠠᠭᠠᠯᠠᠯ᠂ ᠬᠤᠲᠠ ᠶᠢᠨ ᠬᠠᠮᠢᠶᠠᠷᠤᠯᠲᠠ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠶᠢᠨ ᠶᠠᠪᠣᠳᠠᠯ ᠢ ᠪᠤᠲᠠᠲᠠᠢ ᠰᠢᠢᠳᠪᠦᠷᠢᠯᠡᠵᠦ᠂ ᠪᠤᠳᠠᠳᠦ ᠶᠠᠪᠣᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠨᠦ᠋ᠭᠦᠳ ᠤᠨ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠦ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠭᠤᠬᠤ ᠬᠡᠷᠡᠭᠲᠡᠢ ᠬᠡᠵᠤ ᠴᠢᠬᠤᠯᠠᠴᠢᠯᠠᠪᠠ᠃ ᠪᠦᠬᠦᠳᠡ ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠤᠯ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠶᠢᠨ ᠦᠨᠳᠦᠰᠦᠨ ᠵᠠᠷᠴᠢᠮ ᠪᠤᠯᠤᠨ ᠤᠯᠤᠰ ᠲᠦᠷᠦ ᠶᠢᠨ ᠲᠠᠪᠠᠭᠤᠯᠢᠬ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠴᠢᠨᠠᠭᠰᠢᠳᠠ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠲᠡᠭᠡᠷ᠎ᠡ ᠨᠢᠬᠡᠳᠭᠡᠵᠦ᠂ ᠨᠠᠮ ᠤᠨ ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠳᠣᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠡ ᠨᠢᠬᠡᠳᠭᠡᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠴᠦᠬᠦᠷᠡᠯ ᠦᠭᠡᠢ ᠰᠤᠷᠤᠯᠴᠠᠨ ᠲᠤᠤᠱᠯᠠᠭᠤᠯᠵᠣ᠂ ᠴᠢᠨᠠᠷ ᠰᠠᠶᠢᠳᠠᠢ ᠬᠦᠭᠵᠢᠭᠦᠯᠬᠦ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠡᠷᠡᠰ ᠲᠤᠤᠱᠯᠠᠭᠤᠯᠵᠤ᠂ ᠪᠤᠭᠤᠮᠳᠠ ᠲᠠᠪᠠᠭᠤ ᠪᠠᠴᠢᠮ ᠲᠤᠯᠭᠠᠮ᠎ᠠ ᠰᠡᠳᠬᠢᠯᠬᠡ ᠪᠤᠯᠤᠨ ᠬᠠᠷᠢᠭᠤᠴᠠᠯᠭᠠᠳᠤ ᠰᠡᠳᠬᠢᠯᠬᠡ ᠪᠠᠨ ᠦᠨᠡᠨᠬᠦ ᠴᠢᠩᠭᠠᠷᠠᠭᠤᠯᠵᠤ᠂ ᠠᠵᠤ ᠠᠬᠤᠢ ᠶᠢ ᠠᠳᠬᠤᠬᠤ᠂ ᠬᠦᠭᠵᠢᠯᠳᠡ ᠶᠢ ᠠᠬᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠵᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠣ ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠰᠢᠵᠦ᠂ ᠮᠠᠨ ᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃ ᠪᠦᠬᠦᠳᠡ ᠬᠤᠷᠠᠯ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠰᠠᠶᠢᠳᠤᠷ ᠬᠢᠬᠦ ᠳᠣᠬᠠᠢ ᠬᠦᠨᠵᠡᠬᠡᠢ ᠪᠠᠶᠢᠷᠢᠯᠠᠭᠤᠯᠤᠯᠳᠠ ᠬᠢᠪᠡ᠃ ᠪᠦᠭᠦᠳᠡ ᠬᠤᠷᠠᠯ ᠠᠴᠠ᠂ ᠤᠯᠤᠰ ᠲᠦᠷᠦ ᠶᠢᠨ ᠵᠤᠭᠰᠤᠴᠠ ᠪᠠᠨ ᠴᠢᠨᠠᠭᠰᠢᠳᠠ ᠲᠡᠭᠡᠭᠰᠢᠯᠡᠬᠦᠯᠵᠦ᠂ ᠰᠤᠷᠤᠯᠴᠠᠯᠭ᠎ᠠ ᠬᠦᠮᠦᠵᠢᠯ ᠢ ᠬᠦᠨᠵᠡᠬᠡᠶᠢᠷᠡᠬᠦᠯᠵᠦ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠣ᠂ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠳᠦᠬᠡᠯ ᠢᠶᠠᠨ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠷᠠᠭᠤᠯᠬᠤ᠂ ︽ᠲᠦᠷᠪᠡᠨ ᠢᠳᠡᠬᠡᠯ︾ ᠢᠶᠠᠨ ᠪᠠᠳᠤᠳᠬᠠᠬᠤ᠂ ︽ᠲᠦᠷᠪᠡᠨ ᠠᠭᠤᠤ ᠶᠡᠭᠡ︾ ᠶᠢ ᠬᠠᠮᠤᠷᠬᠤ ᠤᠯᠤᠰ ᠲᠦᠷᠦ ᠶᠢᠨ ᠴᠢᠳᠠᠪᠤᠷᠢ ᠪᠤᠯᠤᠨ ᠲᠦᠷᠦ ᠪᠠᠷᠢᠬᠤ ᠴᠢᠳᠠᠪᠤᠷᠢ ᠪᠤᠯᠭᠠᠨ ᠬᠤᠪᠢᠷᠠᠭᠤᠯᠬᠤ ᠪᠠᠷ ᠬᠦᠴᠦᠯᠡᠬᠦ ᠬᠡᠷᠡᠭᠳᠡᠢ᠃ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠨᠡᠩ ᠡᠷᠡᠰ ᠪᠠᠳᠤ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠ ᠠᠯᠤᠰ ᠬᠡᠳᠦ ᠶᠢᠨ ᠬᠦᠭᠵᠢᠯᠳᠡ ᠲᠠᠢ ᠬᠤᠯᠪᠤᠭᠳᠠᠬᠤ ᠬᠦᠨᠳᠦ ᠴᠢᠬᠤᠯᠠ ᠠᠰᠠᠭᠤᠳᠠᠯ ᠢ ᠬᠦᠨᠵᠡᠬᠡᠢ ᠰᠤᠳᠤᠯᠤᠨ ᠰᠢᠢᠳᠪᠦᠷᠢᠯᠡᠵᠦ᠂ ᠨᠠᠮ ᠤᠨ ᠰᠢᠨ᠎ᠠ ᠶᠢ ᠡᠬᠦᠳᠦᠭᠰᠡᠨ ᠤᠨᠤᠯ ᠢᠶᠡᠷ ᠲᠠᠷᠢᠬᠢ ᠲᠤᠯᠤᠭᠠᠢ ᠪᠠᠨ ᠨᠡᠩ ᠰᠠᠶᠢᠲᠤᠷ ᠵᠡᠪᠰᠡᠭᠯᠡᠵᠦ᠂ ᠦᠢᠯᠡᠳᠦᠯᠬᠡ ᠪᠠᠨ ᠨᠡᠩ ᠰᠠᠶᠢᠨ ᠵᠢᠯᠤᠭᠤᠳᠤᠭᠤᠯᠵᠤ᠂ ᠠᠵᠢᠯ ᠢᠶᠠᠨ ᠨᠡᠩ ᠰᠠᠶᠢᠨ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠬᠡᠳᠦᠯᠳᠡᠢ ᠪᠠᠶᠢᠬᠤ ᠬᠡᠷᠡᠭᠳᠡᠢ ᠬᠡᠵᠤ ᠴᠢᠬᠤᠯᠠᠴᠢᠯᠠᠪᠠ᠃ ᠪᠦᠬᠦᠳᠡ ᠬᠤᠷᠠᠯ ᠠᠴᠠ ᠤᠳᠤᠬᠠᠨ ᠤ ᠠᠵᠢᠯ ᠢ ᠰᠠᠶᠢᠳᠤᠷ ᠬᠢᠬᠦ ᠳᠣᠬᠠᠢ ᠪᠤᠳᠠᠳᠠᠢ ᠲᠤᠬᠢᠷᠠᠭᠤᠯᠤᠯᠳᠠ ᠬᠢᠪᠡ᠃ ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠡᠷᠬᠢ ᠱᠤᠷᠠᠬ ᠢ ᠴᠢᠩᠭᠠᠯᠠᠵᠤ᠂ ᠠᠮᠤᠷ ᠲᠦᠪᠰᠢᠨ ᠲᠤᠭᠳᠠᠭᠤᠨ ᠢ ᠨᠢᠬᠡ ᠮᠦᠴᠡ ᠴᠤ ᠰᠣᠯᠠᠷᠠᠭᠤᠯᠣᠯ ᠦᠬᠡᠢ ᠰᠠᠶᠢᠳᠤᠷ ᠠᠳᠬᠤᠵᠤ᠂ ᠵᠠᠬ᠎ᠠ ᠲᠡᠯᠬᠡᠬᠦᠷ ᠤᠨ ᠬᠠᠩᠭᠠᠯᠭ᠎ᠠ ᠶᠢ ᠪᠠᠳᠤᠯᠠᠬᠤ ᠪᠤᠯᠤᠨ ᠶᠠᠳᠠᠭᠤ ᠬᠦᠴᠢᠷᠳᠡᠯᠳᠡᠢ ᠤᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠬᠢᠨᠠᠮᠠᠭᠠᠢ ᠰᠠᠶᠢᠳᠤᠷ ᠬᠢᠵᠦ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠬᠡᠨ ᠤ ᠬᠤᠭᠤᠴᠠᠭ᠎ᠠ ᠰᠤᠯᠢᠬᠤ ᠠᠵᠢᠯ ᠢ ᠳᠡᠭᠡᠳᠦ ᠬᠡᠮᠵᠢᠶ᠎ᠡ ᠪᠠᠷ ᠬᠠᠷᠢᠭᠤᠴᠠᠨ ᠰᠠᠶᠢᠳᠤᠷ ᠬᠢᠵᠦ᠂ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠬᠡᠷᠡᠭᠵᠢᠬᠦᠯᠦᠭᠰᠡᠨ ᠪᠠᠶᠢᠳᠠᠯ ᠳᠠᠬᠢ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠤ᠂ ᠠᠵᠤ ᠠᠬᠤᠢ ᠶᠢᠨ ᠲᠤᠭᠳᠠᠭᠤᠨ ᠡᠷᠡᠬᠦᠯ ᠡᠷᠭᠢᠯᠳᠡ ᠶᠢ ᠪᠠᠳᠤᠯᠠᠵᠤ᠂ ᠪᠦᠬᠦ ᠵᠢᠯ ᠤᠨ ᠠᠵᠢᠯ ᠢ ᠰᠠᠶᠢᠬᠠᠨ ᠡᠬᠢᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ ᠬᠡᠵᠤ ᠱᠠᠭᠠᠷᠳᠠᠪᠠ᠃ ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠣᠳ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠲᠤᠬ ᠢ ᠦᠨᠳᠦᠷ ᠮᠠᠨᠳᠤᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠨᠠᠰᠢᠬᠢ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠠᠨᠠᠭᠠᠴᠢᠯᠠᠭᠰᠠᠨ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠭᠦᠷᠢᠳᠡ ᠴᠠᠯᠠᠭᠠᠶᠢᠷᠠᠬᠤ ᠦᠬᠡᠢ ᠣᠶᠣᠨ ᠰᠠᠨᠠᠭᠠᠨ ᠤ ᠳᠦᠷᠰᠦ ᠪᠠᠶᠢᠳᠠᠯ ᠪᠤᠯᠤᠨ ᠴᠣᠴᠠᠯᠳᠠ ᠦᠬᠡᠢ ᠣᠷᠣᠭᠰᠢᠯᠠᠬᠤ ᠲᠡᠮᠡᠴᠡᠯ  ᠤᠨ ᠲᠦᠷᠢ ᠪᠠᠶᠢᠳᠠᠯ ᠢᠶᠠᠷ᠂ ᠯᠠᠪᠳᠠᠭᠤᠨ ᠪᠠᠳᠤᠳᠠᠢ ᠠᠵᠢᠯᠯᠠᠨ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ ᠠᠵᠤ ᠠᠬᠤᠢ ᠨᠡᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠭᠰᠡᠨ ᠰᠢᠨ᠎ᠠ ᠠᠮᠵᠢᠯᠳᠠ ᠶᠢ ᠴᠢᠷᠮᠠᠶᠢᠨ ᠡᠭᠦᠳᠴᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠰᠢᠨ᠎ᠠ ᠪᠠᠶᠢᠳᠠᠯ ᠢ ᠡᠷᠡᠯᠭᠡᠭᠯᠡᠨ ᠨᠡᠬᠡᠬᠡᠰᠦᠭᠡᠢ ᠬᠡᠵᠦ ᠤᠷᠢᠶᠠᠯᠠᠪᠡ᠃ ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ