ᠬᠤᠲᠠ ᠶᠢᠨ ᠳᠡᠳ᠋ ᠳᠠᠷᠤᠭ᠎ᠠ ᠪᠠᠢ ᠵᠢᠨ ᠰᠢᠶᠠᠩ

2017-03-07 / ᠬᠦᠬᠡᠬᠣᠲᠠ


4

ᠡᠷᠡᠭᠲᠡᠢ᠂ ᠬᠢᠲᠠᠳ ᠦᠨᠳᠦᠰᠦᠲᠡᠨ᠂ ᠥᠪᠦᠷ ᠮᠣᠩᠭᠤᠯ ᠤᠨ ᠬᠣᠷᠢᠨᠭᠡᠷ ᠰᠢᠶᠠᠨ ᠤ ᠬᠦ᠍ᠮᠦᠨ᠂1958᠂11 ᠰᠠᠷ᠎ᠠ ᠳᠤ ᠲᠦ᠍ᠷᠦᠵᠡᠢ᠂ᠲᠦ᠍ᠪ ᠦᠨ ᠨᠠᠮ ᠤᠨ ᠰᠤᠷᠭᠠᠭᠤᠯᠢ  ᠶᠢᠨ ᠵᠠᠬᠢᠲᠠᠯ  ᠢᠶᠡᠷ ᠰᠤᠷᠤᠯᠴᠠᠬᠤ ᠶᠡᠬᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠰᠠᠯᠪᠤᠷᠢ ᠠᠴᠠ ᠲᠡᠭᠦᠰᠴᠡᠢ᠂ ᠶᠬᠡ ᠰᠤᠷᠭᠠᠭᠤᠯᠢ  ᠶᠢᠨ ᠰᠤᠷᠤᠯᠭ᠎ᠠ ᠶᠢᠨ ᠨᠠᠮᠲᠠᠷ ᠲᠠᠢ᠂ᠨᠠᠮ ᠪᠤᠰᠤ ᠪᠦ᠍ᠯᠦᠭᠲᠡᠨ᠂1976᠂8 ᠰᠠᠷ᠎ᠠ ᠳᠤ ᠠᠵᠢᠯ ᠳᠤ ᠣᠷᠤᠯᠴᠠᠵᠠᠢ᠃

ᠣᠳᠤ ᠬᠥ᠍ᠬᠡᠬᠤᠲᠠ ᠶᠢᠨ ᠳᠡᠳ᠋ ᠬᠣᠲᠠ ᠶᠢᠨ ᠳᠠᠷᠤᠭ᠎ᠠ ᠂ᠬᠣᠲᠠ ᠶᠢᠨ ᠳᠠᠷᠤᠭ᠎ᠠ ᠶᠢ ᠬᠠᠪᠰᠤᠷᠠᠨ ᠰᠣᠶᠤᠯ᠂ ᠵᠢᠭᠤᠴᠢᠯᠠᠯ᠂ ᠶᠠᠳᠠᠭᠤ ᠶᠢ ᠲᠡᠳᠭᠦᠬᠦ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠦᠯᠦᠯᠲᠡ᠂ ᠳᠠᠩᠰᠠ ᠡᠪᠬᠡᠮᠡᠯ᠂ ᠭᠠᠵᠠᠷ ᠣᠷᠤᠨ ᠤ ᠪᠠᠶᠢᠳᠠᠯ ᠵᠡᠷᠭᠡ  ᠲᠠᠯ᠎ᠠ ᠶᠢᠨ ᠠᠵᠢᠯ ᠢ ᠬᠠᠷᠢᠭᠤᠴᠠᠵᠤ ᠪᠤᠢ᠃ ᠰᠣᠶᠤᠯ ᠤᠨ ᠲᠣᠪᠴᠢᠶ᠎ᠠ᠂ ᠵᠢᠭᠤᠴᠢᠯᠠᠯ ᠤᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠶᠠᠳᠠᠭᠤ ᠶᠢ ᠲᠡᠳᠭᠦᠨ ᠬᠦᠭᠵᠢᠭᠦᠯᠦᠯᠲᠡ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠭᠡᠷ᠂ ᠭᠠᠵᠠᠷ ᠬᠦᠳᠦᠯᠦᠯᠲᠡ ᠶᠢᠨ ᠲᠣᠪᠴᠢᠶ᠎ᠠ ᠵᠡᠷᠭᠡ ᠲᠠᠯ᠎ᠠ ᠶᠢᠨ ᠠᠵᠢᠯ ᠢ ᠬᠤᠪᠢᠶᠠᠷᠢᠯᠠᠨ ᠬᠠᠷᠢᠭᠤᠴᠠᠵᠤ ᠪᠤᠢ᠃ ᠬᠣᠲᠠ ᠶᠢᠨ ᠳᠠᠩᠰᠠ ᠡᠪᠬᠡᠮᠡᠯ ᠦᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠨᠡᠶᠢᠭᠡᠮᠯᠢᠭ᠂ ᠥᠪᠦᠷ ᠮᠣᠩᠭᠤᠯ ᠤᠨ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠦᠨ ᠲᠠᠯᠠᠪᠤᠷ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ  ᠵᠡᠷᠭᠡ ᠲᠡᠢ ᠬᠠᠷᠢᠯᠴᠠᠨ᠎ᠠ᠃

1976᠂8 | 1979᠂9 ᠰᠠᠷ᠎ᠠ ᠳᠤ ᠬᠣᠷᠢᠨᠭᠡᠷ ᠰᠢᠶᠠᠨ ᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠬᠣᠲᠠ ᠶᠢᠨ ᠬᠠᠮᠢᠶᠠᠷᠤᠭᠴᠢ

1979᠂9 | 1981᠂9 ᠰᠠᠷ᠎ᠠ ᠳᠤ ᠥᠪᠦᠷ ᠮᠣᠩᠭᠤᠯ ᠤᠨ ᠤᠯᠠᠭᠠᠨᠴᠠᠪ ᠠᠶᠢᠮᠠᠭ ᠤᠨ ᠡᠳ᠋ ᠦᠨ ᠵᠠᠰᠠᠭ ᠤᠨ ᠰᠤᠷᠭᠠᠭᠤᠯᠢ  ᠳᠤ ᠰᠤᠷᠤᠯᠴᠠᠵᠠᠢ᠃

1981᠂9 | 1984᠂ 5 ᠰᠠᠷ᠎ᠠ ᠳᠤ ᠬᠥ᠍ᠬᠡᠬᠤᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠺᠠᠲᠷ

1984᠂5 | 1990᠂ 2 ᠰᠠᠷ᠎ᠠ ᠳᠤ ᠬᠥ᠍ᠬᠡᠬᠤᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠲᠠᠷᠢᠶᠠᠯᠠᠩ ᠤᠨ ᠠᠵᠤ ᠠᠬᠤᠢ ᠶᠢᠨ ᠰᠠᠯᠠᠭ᠎ᠠ ᠶᠢᠨ ᠳᠡᠳ᠋ ᠰᠠᠯᠠᠭᠠᠨ ᠳᠠᠷᠤᠭ᠎ᠠ

1990᠂2 | 1996᠂8 ᠰᠠᠷ᠎ᠠ ᠳᠤ ᠬᠥ᠍ᠬᠡᠬᠤᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠲᠠᠷᠢᠶᠠᠯᠠᠩ ᠠᠵᠤ ᠠᠬᠤᠢ ᠶᠢᠨ ᠰᠠᠯᠠᠭᠠᠨ ᠤ ᠰᠠᠯᠠᠭᠠᠨ ᠳᠠᠷᠤᠭ᠎ᠠ

1996᠂8 | 2001᠂9 ᠰᠠᠷ᠎ᠠ ᠳᠤ ᠬᠦ᠍ᠬᠡᠬᠣᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ (ᠡᠨᠡ ᠬᠣᠭᠤᠷᠤᠨᠳᠤ᠂1996᠂10 | 1998᠂3 ᠰᠠᠷ᠎ᠠ ᠳᠤ ᠬᠥ᠍ᠬᠡᠬᠤᠲᠠ ᠶᠢᠨ ᠲᠠᠷᠢᠶᠠᠯᠠᠩ ᠤᠨ ᠪᠠᠶᠢᠴᠠᠭᠠᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ)

2001᠂9 | 2004᠂4 ᠰᠠᠷ᠎ᠠ ᠳᠤ ᠬᠥ᠍ᠬᠡᠬᠤᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠲᠣᠪᠴᠢᠶᠠᠨ ᠳᠠᠷᠤᠭ᠎ᠠ

2004᠂4 |2008᠂ 1 ᠰᠠᠷ᠎ᠠ ᠬᠥ᠍ᠬᠡᠬᠤᠲᠠ ᠶᠢᠨ ᠤᠯᠤᠰ ᠲᠦᠷᠦ ᠶᠢᠨ ᠵᠦᠪᠯᠡᠯᠭᠡᠨ ᠦ ᠳᠡᠳ᠋ ᠲᠡᠷᠢᠭᠦᠯᠡᠭᠴᠢ᠂ ᠬᠥᠬᠡᠬᠤᠲᠠ ᠶᠢᠨ ᠲᠣᠭ᠎ᠠ ᠪᠦ᠍ᠷᠢᠳᠭᠡᠯ ᠦᠨ ᠲᠣᠪᠴᠢᠶ᠎ᠠ ᠶᠢᠨ ᠲᠣᠪᠴᠢᠶᠠᠨ ᠳᠠᠷᠤᠭ᠎ᠠ᠂

2008᠂1| ᠣᠳᠤ ᠪᠣᠯᠲᠠᠯ᠎ᠠ ᠬᠥ᠍ᠬᠡᠬᠤᠲᠠ ᠶᠢᠨ ᠵᠠᠰᠠᠭ ᠤᠨ ᠣᠷᠳᠤᠨ ᠤ ᠳᠡᠳ᠋ ᠬᠣᠲᠠ ᠶᠢᠨ ᠳᠠᠷᠤᠭ᠎ᠠ