ᠥᠪᠥᠷ ᠮᠣᠩᠭᠤᠯ  ᠥᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠠᠰᠢᠭ ᠬᠤᠨᠵᠢᠪᠤᠷᠢ ᠶᠢᠨ ᠪᠤᠰᠤ ᠪᠠ ᠠᠰᠢᠭ ᠬᠤᠨᠵᠢᠪᠤᠷᠢ ᠶᠢᠨ ᠴᠢᠨᠠᠷᠲᠠᠶ ᠲᠥᠷᠥᠯᠵᠢᠭᠦᠯᠦᠭᠰᠡᠨ ᠬᠠᠮᠢᠶᠠᠷᠤᠯᠲᠠ ᠬᠡᠷᠡᠭᠵᠢᠭᠦᠯᠪᠡ

2018-01-15 / ᠬᠦᠬᠡᠬᠣᠲᠠ


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠦ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠦᠷᠦᠯᠵᠢᠬᠦᠯᠦᠨ ᠬᠠᠮᠢᠶᠠᠷᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ ᠪᠤᠰᠤᠳ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠭᠲᠠᠨ᠎ᠠ︶  ᠳᠤ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠪᠠ ᠠᠰᠢᠭ ᠬᠤᠨᠵᠢᠪᠤᠷᠢ ᠤᠯᠬᠤ ᠴᠢᠨᠠᠷᠲᠠᠶ ᠲᠥᠷᠥᠯᠵᠢᠭᠦᠯᠦᠭᠰᠡᠨ ᠬᠠᠮᠢᠶᠠᠷᠤᠯᠲᠠ ᠬᠡᠷᠡᠭᠵᠢᠭᠦᠯᠬᠦ ᠶᠢ ᠲᠣᠳᠣᠷᠬᠠᠶᠢᠯᠠᠵᠠᠢ᠃

ᠥᠪᠥᠷ ᠮᠣᠩᠭᠤᠯ ᠲᠣᠳᠣᠷᠬᠠᠶ ᠱᠠᠭᠠᠷᠳᠠᠭᠰᠠᠨ ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ  ᠳᠤ ᠠᠰᠢᠭ ᠬᠤᠨᠵᠢᠪᠤᠷᠢ ᠤᠯᠬᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠭᠠᠷᠭᠠᠵᠤ ᠪᠣᠯᠬᠤ ᠦᠭᠡᠢ᠂ ᠠᠰᠢᠭ ᠬᠤᠨᠵᠢᠪᠤᠷᠢ ᠤᠯᠬᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠷᠬᠢᠯᠡᠨ ᠪᠠᠶᠢᠭᠤᠯᠤᠭᠴᠢ ᠰᠤᠷᠭᠠᠭᠤᠯᠢ ᠡᠷᠬᠢᠯᠡᠬᠦ ᠠᠰᠢᠭ ᠣᠯᠵᠤ ᠪᠣᠯᠤᠨ᠎ᠠ᠂ ᠰᠤᠷᠭᠠᠭᠤᠯᠢ ᠡᠷᠬᠢᠯᠡᠭᠰᠡᠨ ᠦᠯᠡᠳᠡᠪᠦᠷᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠪᠢᠶᠠᠷᠢᠯᠠᠵᠤ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠷᠬᠢᠯᠡᠨ ᠪᠠᠶᠢᠭᠤᠯᠤᠭᠴᠢ ᠰᠤᠷᠭᠠᠭᠤᠯᠢ ᠡᠷᠬᠢᠯᠡᠬᠦ ᠠᠰᠢᠭ ᠣᠯᠵᠤ ᠪᠣᠯᠬᠤ ᠦᠭᠡᠢ᠂ ᠰᠤᠷᠭᠠᠭᠤᠯᠢ ᠡᠷᠬᠢᠯᠡᠭᠰᠡᠨ ᠦᠯᠡᠳᠡᠪᠦᠷᠢ ᠶᠢ ᠪᠥᠬᠦᠳᠡ ᠶᠢ ᠰᠤᠷᠭᠠᠭᠤᠯᠢ ᠡᠷᠬᠢᠯᠡᠬᠦ ᠳᠤ ᠬᠡᠷᠡᠭᠯᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠨ ᠪᠠᠶᠢᠭᠤᠯᠬᠤ ᠪᠤᠶᠤ ᠠᠰᠢᠭ ᠬᠤᠨᠵᠢᠪᠤᠷᠢ ᠤᠯᠬᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠨ ᠪᠠᠶᠢᠭᠤᠯᠬᠤ ᠶᠢ ᠥᠪᠡᠷ ᠢᠶᠠᠨ ᠡᠵᠡᠨ ᠮᠡᠳᠡᠵᠦ ᠰᠣᠩᠭᠤᠵᠦ ᠪᠣᠯᠣᠨ᠎ᠠ᠂ ᠥᠪᠡᠷ ᠢᠶᠠᠨ ᠡᠵᠡᠨ ᠮᠡᠳᠡᠵᠦ ᠰᠣᠩᠭᠤᠭᠰᠠᠨ ᠠᠰᠢᠭ ᠣᠯᠵᠠᠪᠤᠷᠢ ᠣᠯᠬᠤ ᠴᠢᠨᠠᠷᠲᠠᠶ ᠪᠤᠶᠤ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠬᠠᠤᠯᠢ ᠲᠣᠭᠲᠠᠭᠠᠯ ᠶᠣᠰᠣᠭᠠᠷ ᠲᠦᠷᠦᠯᠵᠢᠬᠦᠯᠦᠨ ᠳᠠᠩᠰᠠᠯᠠᠨ ᠲᠡᠮᠳᠡᠭᠯᠡᠬᠦ ᠶᠢ ᠬᠡᠷᠡᠭᠵᠢᠭᠦᠯᠬᠦ ᠬᠡᠷᠡᠭᠲᠡᠢ᠃

ᠥᠪᠥᠷ ᠮᠣᠩᠭᠤᠯ ᠨᠡᠶᠢᠭᠡᠮ ᠤᠨ ᠬᠦᠴᠦᠨ ᠠᠴᠠ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠢᠯᠡᠨ ᠪᠠᠶᠢᠭᠤᠯᠬᠤ ᠶᠢ ᠢᠳᠡᠪᠬᠢᠲᠡᠶ ᠵᠣᠷᠢᠭᠵᠢᠭᠤᠯᠤᠨ ᠬᠦᠴᠦᠲᠡᠢ ᠳᠡᠮᠵᠢᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠨ ᠲᠦᠷᠢᠮ ᠲᠦᠷᠦ ᠶᠢᠨ ᠪᠤᠳᠤᠯᠭ᠎ᠠ ᠪᠠᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠨᠥᠬᠦᠪᠥᠷᠢ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠠᠭᠤᠷᠢ ᠮᠥᠩᠭᠦᠨ ᠤ ᠬᠥᠬᠢᠭᠦᠯᠦᠯ᠂ ᠡᠳ᠋ ᠮᠥᠩᠭᠦ ᠪᠠᠷ ᠲᠤᠰᠠᠯᠠᠵᠤ ᠤᠷᠮᠠᠰᠢᠭᠤᠯᠬᠤ᠂ ᠭᠠᠵᠠᠷ ᠰᠢᠷᠣᠶ ᠣᠨᠣᠭᠠᠵᠤ ᠥᠭᠬᠦ᠂ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ ᠪᠠᠷ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠲᠡᠳᠬᠦᠨ ᠳᠡᠮᠵᠢᠵᠤ᠂ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠴᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠪᠠᠷ ᠳᠠᠮᠵᠢᠭᠤᠯᠤᠨ ᠠᠰᠢᠭ ᠤᠯᠬᠤ ᠴᠢᠨᠠᠷᠲᠠᠶ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠳᠡᠮᠵᠢᠯᠭᠡ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠦᠷᠦᠯᠵᠢᠬᠦᠯᠦᠨ ᠬᠠᠮᠢᠶᠠᠷᠬᠤ ᠥᠭᠡᠷᠡᠴᠢᠯᠡᠯᠲᠡ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ 2017 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠵᠥᠪᠰᠢᠶᠡᠷᠡᠵᠦ ᠪᠠᠶᠢᠭᠤᠯᠤᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠢᠯᠵᠢᠯᠲᠡ ᠶᠢᠨ ᠬᠤᠭᠤᠴᠠᠭ᠎ᠠ ᠲᠣᠬᠢᠷᠠᠭᠤᠯᠵᠤ᠂ ᠲᠦᠷᠦ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠵᠠᠷᠴᠢᠮ ᠳᠡᠭᠡᠷ᠎ᠡ ᠪᠠᠨ 2023 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠪᠤᠶᠤ ᠠᠰᠢᠭ ᠬᠤᠨᠵᠢᠪᠤᠷᠢ ᠤᠯᠬᠤ ᠴᠢᠨᠠᠷᠲᠠᠶ ᠰᠣᠩᠭᠤᠯᠲᠠ ᠶᠢ ᠡᠷᠬᠢᠯᠡᠨ ᠪᠠᠶᠢᠭᠤᠯᠤᠭᠴᠢ ᠠᠴᠠ ᠰᠠᠶᠢᠨ ᠳᠤᠷ᠎ᠠ ᠠᠴᠠ ᠪᠠᠨ ᠬᠢᠵᠤ᠂ ᠰᠢᠯᠵᠢᠯᠲᠡ ᠶᠢᠨ ᠬᠤᠭᠤᠴᠠᠭᠠᠨ ᠳᠤ ᠰᠣᠩᠭᠤᠯᠲᠠ ᠬᠢᠭᠰᠡᠨ ᠦᠭᠡᠢ ᠪᠠᠶᠢᠪᠠᠯ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠶ ᠰᠤᠷᠭᠠᠭᠤᠯᠢ ᠪᠠᠷ ᠮᠡᠳᠡᠷᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠤᠷᠳᠦᠨ