ᠴᠠᠭᠠᠨ ᠰᠠᠷ᠎ᠠ ᠶᠢᠨ ᠬᠣᠭᠣᠴᠠᠭᠠᠨ ᠳᠤ ᠪᠡᠶ᠎ᠡ ᠪᠠᠨ ︽ ᠴᠡᠨᠡᠭᠯᠡᠵᠦ ︾ ᠪᠠᠶᠢᠭ᠎ᠠ

2018-02-23 / ᠬᠦᠬᠡᠬᠣᠲᠠ201822385415490
ᠴᠠᠭᠠᠨ ᠰᠠᠷ᠎ᠠ  ᠶᠢᠨ ᠬᠤᠭᠤᠴᠠᠭᠠᠨ ᠳᠤ ᠂ ᠲᠥᠷᠥᠯ ᠰᠠᠳᠤᠨ ᠨᠠᠶᠢᠵᠠ ᠨᠥᠬᠥᠳ ᠦᠨ ᠳᠡᠭᠡᠨ ᠠᠶᠢᠯᠴᠢᠯᠠᠬᠤ ᠶᠢᠨ ᠴᠢᠯᠥᠭᠡ ᠵᠠᠪ ᠢᠶᠠᠷ ᠢᠶᠠᠨ ᠴᠥᠭᠡᠨ ᠪᠤᠰᠤ ᠬᠤᠳᠠ ᠶᠢᠨ ᠠᠷᠠᠳ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠨᠣᠮ ᠤᠨ ᠰᠠᠩ ᠪᠣᠯᠤᠨ ᠨᠣᠮ ᠤᠨ ᠳᠡᠯᠭᠡᠭᠦᠷ ᠬᠦᠷᠴᠦ ᠰᠤᠷᠤᠯᠴᠠᠵᠤ ᠡᠬᠢᠯᠡᠭᠰᠡᠨ ᠪᠠᠶᠢᠯ᠎ᠠ ᠃ 2 ᠰᠠᠷ᠎ᠠ ᠶᠢᠨ 20  ᠤ ᠡᠳᠦᠷ ᠂ ᠰᠤᠷᠪᠤᠯᠵᠢᠯᠠᠭᠴᠢ ᠮᠠᠨ ᠤ ᠬᠣᠲᠠ ᠶᠢᠨ ᠵᠠᠷᠢᠮ ᠨᠣᠮ ᠤᠨ ᠳᠡᠯᠭᠡᠭᠦᠷ ᠪᠠ ᠨᠣᠮ ᠤᠨ ᠰᠠᠩ ᠳᠤ ᠣᠯᠵᠤ ᠥᠵᠡᠭᠰᠡᠨ ᠢᠶᠡᠷ ᠬᠠᠷᠢᠴᠠᠩᠭᠤᠶ ᠪᠠᠷ ᠡᠩ ᠦᠨ ᠦᠶ᠎ᠡ ᠳᠦ ᠂ ᠡᠳᠡᠭᠡᠷ ᠭᠠᠵᠠᠷ ᠲᠤ ᠨᠣᠮ ᠥᠵᠡᠵᠦ ᠰᠤᠷᠤᠯᠴᠠᠵᠤ ᠪᠠᠶᠢᠭ᠎ᠠ ᠬᠥ᠍ᠮᠦᠨ ᠤ ᠲᠣᠭ᠎ᠠ ᠮᠦ᠍ᠨ ᠴᠤ ᠪᠠᠭᠠᠰᠤᠭᠰᠠᠨ ᠦᠭᠡᠢ ᠪᠠᠶᠢᠯ᠎ᠠ ᠂ ᠨᠣᠮ ᠤᠩᠰᠢᠬᠤ ᠨᠢ ᠴᠤ ᠨᠢᠭᠡ ᠵᠦᠢᠯ ᠦᠨ ᠴᠠᠭ ᠤᠨ ᠥᠩᠭᠡ ᠶᠢ ᠳᠠᠭᠠᠭᠰᠠᠨ ᠪᠠᠶᠠᠷ ᠣᠨ ᠡᠳᠦᠷ ᠢ ᠪᠡᠯᠭᠡᠯᠡᠬᠦ ᠠᠷᠭ᠎ᠠ ᠬᠡᠯᠪᠡᠷᠢ ᠪᠣᠯᠤᠭᠰᠠᠨ ᠪᠠᠶᠢᠨ᠎ᠠ ᠃