ᠮᠠᠨ ᠤ ᠬᠤᠲᠠ ᠠᠴᠠ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠳᠤ ᠲᠤᠰ ᠱᠠᠲᠤᠨ ᠤ ᠢᠵᠢ ᠪᠦᠷᠢᠯᠳᠦᠭᠦᠯᠦᠭᠰᠡᠨ ᠨᠥᠬᠦᠪᠦᠷᠢ ᠪᠡᠯᠡ ᠮᠥᠩᠭᠦ 114.58 ᠲᠦᠮᠡᠨ ᠲᠥᠭᠦᠷᠢᠭ ᠭᠠᠷᠭᠠᠪᠠ
ᠨᠡᠶᠢᠲᠡᠯᠡᠭᠰᠡᠨ ᠴᠠᠭ᠄
2018-10-10
      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ  ︽2018 ᠣᠨ ᠤ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠬᠡᠷᠡᠭᠵᠢᠭᠦᠯᠬᠦ ᠲᠥᠰᠥᠯ︾᠂ ᠬᠥᠬᠡᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ  ︽2018 ᠣᠨ ᠤ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠨᠥᠬᠦᠪᠦᠷᠢ ᠪᠡᠯᠡ ᠮᠥᠩᠭᠦ ᠲᠣᠬᠢᠷᠠᠭᠤᠯᠬᠤ ᠲᠤᠬᠠᠢ ᠵᠢᠭᠠᠪᠤᠷᠢ ᠠᠪᠬᠤ︾ ᠵᠢᠴᠢ ᠬᠤᠲᠠ ᠶᠢᠨ ᠵᠠᠰᠠᠭ ᠤᠨ ᠣᠷᠳᠣᠨ ᠤ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠯᠡᠵᠦ᠂ ᠣᠷᠴᠢᠮ ᠤᠨ ᠡᠳᠦᠷ ᠮᠠᠨ ᠤ ᠬᠤᠲᠠ ᠠᠴᠠ ᠡᠨᠡ ᠵᠢᠯ ᠤᠨ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠳᠤ ᠲᠤᠰ ᠱᠠᠲᠤᠨ ᠤ ᠢᠵᠢ ᠪᠦᠷᠢᠯᠳᠦᠭᠦᠯᠦᠭᠰᠡᠨ ᠨᠥᠬᠦᠪᠦᠷᠢ ᠪᠡᠯᠡ ᠮᠥᠩᠭᠦ 114.58 ᠲᠦᠮᠡᠨ ᠲᠥᠭᠦᠷᠢᠭ ᠭᠠᠷᠭᠠᠪᠠ᠃      ᠡᠨᠡ ᠤᠳᠠᠭᠠᠨ ᠤ ᠭᠠᠷᠭᠠᠭᠰᠠᠨ ᠬᠤᠲᠠ ᠶᠢᠨ ᠲᠤᠰ ᠱᠠᠲᠤᠨ ᠤ ᠢᠵᠢ ᠪᠦᠷᠢᠯᠳᠦᠭᠦᠯᠦᠭᠰᠡᠨ ᠨᠥᠬᠦᠪᠦᠷᠢ ᠪᠡᠯᠡ ᠮᠥᠩᠭᠦ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ  ︽︿2018 ᠣᠨ ᠤ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠬᠡᠷᠡᠭᠵᠢᠭᠦᠯᠬᠦ ᠲᠥᠰᠥᠯ﹀  ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾  ᠤᠨ ᠱᠠᠭᠠᠷᠳᠠᠯᠭ᠎ᠠ ᠶᠣᠰᠣᠭᠠᠢ᠂ ᠡᠯ᠎ᠡ ᠱᠠᠲᠤᠨ ᠤ ᠨᠥᠬᠦᠪᠦᠷᠢ ᠪᠡᠯᠡ ᠮᠥᠩᠭᠦ ᠶᠢᠨ ᠢᠵᠢ ᠪᠦᠷᠢᠯᠳᠦᠭᠦᠯᠬᠦ ᠪᠠᠷᠢᠮᠵᠢᠶ᠎ᠠ ᠶᠢ 2017 ᠣᠨ ᠤ ᠲᠠᠷᠢᠶᠠᠯᠠᠬᠤ ᠣᠷᠣᠨ ᠤ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠪᠠᠷᠢᠮᠵᠢᠶ᠎ᠠ ᠪᠠᠷ ᠶᠠᠪᠤᠭᠤᠯᠪᠠ᠂ ᠲᠤᠬᠠᠶᠢᠯᠠᠪᠠᠯ᠂ ᠲᠥᠪ ᠬᠤᠷᠢᠶ᠎ᠠ ᠶᠢᠨ 1.4 ᠲᠦᠮᠡᠨ ᠲᠥᠭᠦᠷᠢᠭ/ᠡᠷᠦᠭᠡ᠂ ᠥᠪᠡᠷᠲᠡᠭᠡᠨ ᠵᠠᠰᠠᠬᠤ ᠣᠷᠣᠨ 6000 ᠲᠥᠭᠦᠷᠢᠭ/ᠡᠷᠦᠭᠡ᠂ ᠠᠶᠢᠮᠠᠭ ᠬᠤᠲᠠ 2616 ᠲᠥᠭᠦᠷᠢᠭ/ᠡᠷᠦᠭᠡ᠂ ᠬᠤᠰᠢᠭᠤ ᠰᠢᠶᠠᠨ 2616ᠲᠥᠭᠦᠷᠢᠭ/ᠡᠷᠦᠭᠡ  ᠢᠶᠠᠷ ᠪᠠᠷᠢᠮᠵᠢᠶᠠᠯᠠᠵᠤ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠪᠣᠯᠣᠨ ᠲᠣᠭᠲᠠᠬᠤ ᠰᠢᠶᠠᠨ ᠭᠤᠷᠪᠠᠨ ᠬᠤᠰᠢᠭᠤ ᠰᠢᠶᠠᠨ ᠤ 438 ᠳᠣᠣᠷ᠎ᠠ ᠪᠠᠲᠤᠯᠠᠭᠠᠲᠤ ᠡᠷᠦᠬᠡ᠂ ᠲᠠᠷᠢᠶᠠᠯᠠᠬᠤ ᠣᠷᠣᠨ ᠤ ᠲᠠᠷᠠᠬᠠᠢ ᠰᠠᠭᠤᠭ᠎ᠠ ᠬᠠᠩᠭᠠᠯᠭ᠎ᠠ ᠬᠦᠷᠲᠡᠵᠦ ᠪᠠᠶᠢᠭ᠎ᠠ ᠣᠨᠴᠠ ᠬᠦᠴᠢᠷᠳᠡᠯᠲᠡᠢ ᠡᠷᠦᠬᠡ᠂ ᠶᠠᠳᠠᠭᠤ ᠬᠦᠴᠢᠷᠳᠡᠯᠲᠡᠢ ᠵᠡᠮᠳᠡᠭ ᠬᠥᠮᠥᠨ ᠠᠮᠠ ᠲᠠᠢ ᠡᠷᠦᠬᠡ ᠪᠣᠯᠣᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠶᠢ ᠥᠭᠡᠷᠡᠴᠢᠯᠡᠬᠦ ᠳᠤ ᠬᠡᠷᠡᠭᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号