ᠣᠶᠣᠨᠲᠤ ᠳᠣᠲᠣᠭᠠᠳᠤ ᠶᠢ ᠬᠠᠮᠠᠭᠠᠯᠠᠬᠤ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2018-10-10
      ᠣᠷᠴᠢᠮᠬᠠᠨ᠂ ᠬᠤᠶᠠᠷ ᠪᠢᠴᠢᠬᠠᠨ ᠨᠠᠶᠢᠵᠠ ᠢᠦᠢ ᠴᠢᠦᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠠᠯᠪᠤᠷᠢ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠦᠨᠡᠮᠯᠡᠬᠦ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠳᠤ ᠠᠷᠠᠳ ᠤᠨ ᠴᠠᠭᠳᠠᠭ᠎ᠠ ᠶᠢᠨ ᠬᠠᠮᠠᠭᠠᠯᠠᠯ ᠳᠣᠣᠷ᠎ᠠ ᠠᠵᠢᠯ ᠭᠦᠢᠴᠡᠳᠬᠡᠵᠦ ᠪᠠᠶᠢᠭ᠎ᠠ ᠭᠡᠷ ᠤᠨ ᠠᠬᠠᠮᠠᠳ ᠢᠶᠠᠨ ᠬᠦᠯᠢᠶᠡᠨ᠎ᠡ᠃      ᠣᠷᠴᠢᠮ ᠤᠨ ᠵᠢᠯ ᠠᠴᠠ ᠨᠠᠭᠠᠰᠢ᠂ ᠢᠦᠢ ᠴᠢᠦᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠠᠯᠪᠤᠷᠢ ᠲᠣᠪᠴᠢᠶ᠎ᠠ ﹇ᠣᠶᠣᠨᠲᠤ ᠳᠣᠲᠣᠭᠠᠳᠤ ᠶᠢ ᠬᠠᠮᠠᠭᠠᠯᠠᠬᠤ﹈ ᠪᠠᠷ  ﹇ᠣᠶᠣᠨᠲᠤ ᠠᠷᠠᠳ ᠤᠨ ᠠᠮᠢᠳᠤᠷᠠᠯ ᠤᠨ ᠦᠢᠯᠡᠴᠢᠯᠡᠭᠡ﹈  ᠶᠢ ᠴᠣᠭᠴᠠᠯᠠᠵᠤ᠂ ᠠᠵᠢᠯ ᠭᠦᠢᠴᠡᠳᠬᠡᠵᠦ ᠶᠠᠪᠤᠭ᠎ᠠ ᠣᠯᠠᠨ ᠲᠦᠮᠡᠨ ᠳᠤ ᠠᠮᠠᠷᠠᠵᠤ ᠬᠦᠯᠢᠶᠡᠬᠦ ᠣᠷᠣᠨ᠂ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠨ ᠬᠠᠩᠭᠠᠵᠤ᠂ ᠣᠯᠠᠨ ᠲᠦᠮᠡᠨ ᠬᠦᠯᠢᠶᠡᠬᠦ ᠳᠤᠮᠳᠠ ᠪᠠᠨ ᠳᠦᠷᠰᠦ ᠰᠢᠩᠭᠡᠭᠡᠯᠲᠡ ᠦᠵᠡᠵᠦ᠂ ᠳᠠᠭᠤᠤ ᠰᠣᠨᠣᠰᠴᠤ᠂ ᠰᠣᠨᠢᠨ ᠮᠡᠳᠡᠭᠡ ᠤᠩᠰᠢᠵᠤ ᠪᠣᠯᠬᠤ ᠠᠴᠠ ᠭᠠᠳᠠᠨ᠎ᠠ᠂ ᠲᠢᠩᠬᠢᠮ ᠳᠤ ᠲᠣᠭᠯᠠᠭᠠᠮ ᠲᠣᠭᠯᠠᠵᠤ᠂ ᠺᠠᠷᠲ᠋ᠣᠨ ᠦᠵᠡᠵᠦ ᠪᠣᠯᠬᠤ ᠡᠵᠢ ᠬᠡᠦᠬᠡᠳ ᠤᠨ ᠵᠤᠭ᠎ᠠ ᠶᠢᠨ ᠣᠷᠣᠨ ᠭᠠᠷᠭᠠᠵᠤ᠂ ᠠᠵᠢᠯ ᠭᠦᠢᠴᠡᠳᠬᠡᠭᠡ ᠣᠯᠠᠨ ᠲᠦᠮᠡᠨ ᠳᠤ ᠨᠡᠩ ᠲᠠᠭᠠᠲᠠᠢ ᠨᠡᠩ ᠳᠥᠭᠦᠮ ᠳᠥᠲᠡ ᠣᠷᠴᠢᠨ ᠨᠥᠬᠦᠴᠡᠯ ᠬᠠᠩᠭᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号