ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ | ᠵᠦᠭᠡᠭᠡᠪᠦᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ 2020 ᠤᠨ ᠤ ᠡᠴᠦᠰ ᠪᠤᠯᠲᠠᠯ᠎ᠠ ᠪᠦᠬᠦ ᠤᠷᠤᠨ ᠤ | ᠨᠦᠬᠦᠴᠡᠯ ᠳᠤ ᠨᠡᠶᠢᠴᠡᠵᠦ ᠬᠠᠰᠤᠵᠤ ᠪᠠᠶᠢᠭᠤᠯᠤᠭᠰᠠᠨ ᠲᠤᠰᠬᠤᠨ ᠪᠤᠯᠤᠨ ᠤᠯᠤᠰ ᠤᠨ ᠦᠮᠴᠢᠯᠡᠯ ᠤᠨ ᠤᠢ | ᠰᠢᠭᠤᠢ ᠶᠢᠨ ᠲᠠᠯᠠᠪᠤᠷ ᠲᠤ ᠵᠠᠰᠠᠮᠠᠯ ᠵᠠᠮ ᠵᠠᠰᠠᠬᠤ ᠪᠤᠯᠤᠨ᠎ᠠ᠂ ᠮᠦᠨ ᠬᠠᠮᠲᠤ ᠳᠤᠨᠢ ︽ᠠᠶᠢᠮᠠᠭ ᠬᠤᠲᠠ ᠳᠤ | ᠬᠦᠷᠢᠶᠡᠯᠡᠩ ᠲᠤᠭᠤᠷᠢᠭ᠂ ᠬᠤᠰᠢᠭᠤ ᠰᠢᠶᠠᠨ ᠳᠤ ᠰᠠᠯᠪᠤᠷᠢ ᠬᠦᠷᠢᠶᠡᠯᠡᠩ᠂ ᠰᠢᠶᠠᠩ ᠪᠠᠯᠭᠠᠰᠤᠨ ᠳᠤ ᠦᠷᠲᠡᠭᠡ᠂ | ᠲᠤᠰᠬᠤᠨ ᠪᠦᠷᠢ ᠳᠤ ᠪᠤᠤᠬᠢᠶ᠎ᠠ ᠲᠠᠮᠵᠢᠭᠤᠯᠭ᠎ᠠ︾ ᠲᠠᠢ ᠲᠦᠷᠪᠡᠨ ᠵᠡᠷᠭᠡᠯᠡᠯ ᠤᠨ ᠪᠠᠷᠠᠭᠠᠨ ᠤ ᠭᠦᠢᠯᠭᠡᠭᠡᠨ ᠤ ᠲᠤᠤᠷ ᠢ | ᠪᠠᠶᠢᠭᠤᠯᠬᠤ ᠪᠤᠯᠤᠨ᠎ᠠ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠵᠦᠭᠡᠭᠡᠪᠦᠷᠢ ᠶᠢᠨ | ᠲᠢᠩᠬᠢᠮ ᠤᠨ ᠬᠢᠨ ︽ᠲᠦᠷᠪᠡᠨ ᠰᠠᠶᠢᠨ ᠬᠦᠲᠡᠭᠡ ᠲᠤᠰᠬᠤᠨ ᠤ ᠵᠠᠮ︾ ᠢ ᠬᠦᠲᠡᠭᠡ ᠲᠤᠰᠬᠤᠨ ᠢ ᠬᠦᠭᠵᠢᠬᠦᠯᠦᠨ | ᠮᠠᠨᠲᠤᠭᠤᠯᠬᠤ᠂ ᠶᠠᠲᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠠᠢ ᠤᠷᠭᠠᠨᠢᠭ ᠢᠶᠠᠷ ᠤᠶᠠᠯᠲᠤᠭᠤᠯᠤᠨ | ᠵᠢᠷᠭᠤᠭᠠᠨ ᠲᠠᠯ᠎ᠠ ᠶᠢᠨ ᠠᠵᠢᠯ ᠢ ᠭᠤᠤᠯᠲᠠᠯᠭ᠎ᠠ ᠲᠠᠢ ᠠᠳᠬᠤᠬᠤ ᠪᠤᠯᠤᠨ᠎ᠠ᠃ |