ᠴᠢᠩ ᠱᠦᠢ ᠾᠧ ᠰᠢᠶᠠᠨ ᠨᠡᠶᠢᠲᠡ 3390 ᠲᠦᠮᠡᠨ ᠲᠥᠭᠦᠷᠢᠭ ᠤᠨ ᠶᠡᠷᠦᠩᠬᠡᠢ ᠪᠡᠯᠡ ᠣᠷᠣᠭᠤᠯᠵᠤ ᠴᠧᠩ ᠭᠤᠸᠠᠨ ᠪᠠᠯᠭᠠᠰᠤ ᠶᠢᠨ ᠭᠤᠤᠯ ᠳᠠᠭᠠᠤ ᠬᠢ ᠪᠡᠶ᠎ᠡ ᠴᠢᠭᠢᠷᠠᠭᠵᠢᠭᠤᠯᠬᠤ ᠴᠡᠴᠡᠷᠯᠢᠭ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2018-10-11
     ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤ ᠶᠢᠨ ᠨᠣᠭᠤᠭᠠᠨ ᠭᠠᠵᠠᠷ ᠤᠨ ᠰᠢᠰᠲ᠋ᠧᠮ ᠤᠨ ᠪᠠᠶᠢᠷᠢᠰᠢᠯ ᠪᠣᠯᠤᠨ ᠪᠦᠲᠦᠴᠡ ᠶᠢ ᠰᠢᠯᠢᠳᠡᠭᠵᠢᠭᠦᠯᠵᠦ᠂ ᠬᠤᠳᠠ ᠪᠠᠯᠭᠠᠰᠤᠨ ᠤ ᠴᠡᠴᠡᠷᠯᠢᠭ ᠨᠣᠭᠤᠭᠠᠷᠠᠭᠤᠯᠤᠯᠲᠠ ᠶᠢᠨ ᠪᠦᠳᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠧᠩ ᠭᠤᠸᠠᠨ ᠪᠠᠯᠭᠠᠰᠤ ᠶᠢᠨ ︽ᠠᠭᠤᠯᠠ᠂ ᠤᠰᠤ᠂ ᠰᠢᠭᠤᠢ︾ ᠠᠭᠤᠰᠤᠯᠴᠠᠭᠰᠠᠨ ᠣᠨᠴᠠᠯᠢᠭ ᠢ ᠲᠣᠪᠣᠶᠢᠯᠭᠠᠵᠤ᠂ ᠪᠠᠶᠢᠭᠠᠯᠢᠯᠢᠭ ᠡᠶ᠎ᠡ ᠵᠣᠬᠢᠴᠠᠯ ᠲᠠᠢ ᠪᠣᠬᠢᠷᠲᠤᠯ ᠥᠭᠡᠢ ᠬᠤᠲᠠ ᠪᠠᠯᠭᠠᠰᠤ ᠶᠢ ᠪᠤᠢ ᠪᠣᠯᠭᠠᠵᠤ᠂  ︽ᠠᠭᠤᠯᠠ ᠤᠰᠤᠲᠤ ᠬᠤᠲᠠ᠂ ᠰᠣᠶᠣᠯ ᠤᠨ ᠬᠤᠲᠠ︾ ᠶᠢᠨ ᠰᠢᠨ᠎ᠡ ᠬᠡᠪ ᠨᠠᠮᠪᠠ ᠶᠢ ᠴᠢᠷᠮᠠᠶᠢᠨ ᠪᠣᠶ ᠪᠣᠯᠭᠠᠵᠤ᠂ ᠴᠢᠩ ᠱᠦᠢ ᠾᠧ ᠰᠢᠶᠠᠨ ︽ᠠᠭᠤᠯᠠ ᠤᠰᠤ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠵᠢᠭᠤᠯᠴᠢᠯᠠᠯ ᠤᠨ ᠬᠤᠳᠠ ᠪᠠᠯᠭᠠᠰᠤ︾ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ 3390 ᠲᠦᠮᠡᠨ ᠲᠥᠭᠦᠷᠢᠭ ᠪᠡᠯᠡ ᠣᠷᠣᠭᠤᠯᠵᠤ ᠭᠠᠵᠠᠷ ᠡᠵᠡᠯᠡᠬᠦ ᠲᠠᠯᠠᠪᠠᠶ ᠨᠢ 9.4 ᠲᠦᠮᠡᠨ ᠲᠡᠭᠰᠢ ᠳᠥᠷᠪᠡᠯᠵᠢᠨ ᠮᠧᠲᠷ ᠪᠣᠯᠬᠤ ᠴᠧᠩ ᠭᠤᠸᠠᠨ ᠪᠠᠯᠭᠠᠰᠤᠨ ᠤ ᠭᠤᠣᠯ ᠳᠠᠭᠠᠤ ᠬᠢ ᠪᠡᠶ᠎ᠡ ᠴᠢᠭᠢᠷᠠᠭᠵᠢᠭᠤᠯᠬᠤ ᠴᠡᠴᠡᠷᠯᠢᠭ ᠢ ᠪᠦᠲᠦᠭᠡᠨ ᠪᠠᠶᠢᠭᠤᠯᠵᠤ᠂ ᠡᠭᠦᠨ ᠳᠤ ᠨᠣᠭᠤᠭᠠᠷᠠᠭᠤᠯᠬᠤ ᠲᠠᠯᠠᠪᠠᠶ ᠨᠢ 6.1 ᠲᠦᠮᠡᠨ ᠲᠡᠭᠰᠢ ᠳᠥᠷᠪᠡᠯᠵᠢᠨ ᠮᠧᠲᠷ᠂ ᠬᠠᠲᠠᠭᠤᠷᠠᠭᠤᠯᠬᠤ ᠲᠠᠯᠠᠪᠠᠶ ᠨᠢ 3.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠡᠦᠬᠡᠳ ᠤᠨ ᠬᠥᠳᠡᠯᠭᠡᠭᠡᠨ ᠤ ᠲᠠᠯᠠᠪᠠᠢ᠂ ᠰᠠᠭᠰᠤᠨ ᠪᠥᠮᠪᠥᠭᠡᠨ ᠤ ᠲᠠᠯᠠᠪᠤᠷ᠂ ᠦᠳᠦᠨ ᠪᠥᠮᠪᠦᠭᠡ ᠶᠢᠨ ᠲᠠᠯᠠᠪᠤᠷ᠂ ᠲᠣᠣᠷ ᠪᠥᠮᠪᠥᠭᠡᠨ ᠤ ᠲᠠᠯᠠᠪᠤᠷ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠪᠡ᠃ ᠲᠣᠰ ᠲᠥᠷᠥᠯ ᠵᠦᠢᠯ ᠢ 2017 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠣᠳᠣ ᠪᠦᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ  ᠨᠢ ᠨᠢᠭᠡᠨᠲᠡ ᠳᠠᠭᠤᠰᠴᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠠᠯᠠᠪᠠᠢ ᠶᠢᠨ ᠬᠠᠲᠠᠭᠤᠵᠢᠭᠤᠯᠬᠤ ᠵᠡᠷᠭᠡ ᠮᠣᠳᠣ ᠰᠢᠷᠣᠶ ᠶᠢᠨ ᠢᠨᠵᠧᠨᠧᠷᠢᠩ ᠤᠨ ᠰᠢᠯᠭᠠᠨ ᠠᠪᠬᠤ ᠠᠴᠠ ᠡᠮᠦᠨᠡᠬᠢ ᠪᠡᠯᠡᠳᠬᠡᠯ ᠠᠵᠢᠯ ᠳᠠᠭᠠᠨ ᠪᠤᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号