ᠪᠡᠭᠡᠵᠢᠩ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ᠂ ᠵᠠᠯᠠᠭᠤ | ᠡᠷᠳᠡᠮᠲᠡᠨ᠂ ᠰᠢᠯᠦᠭᠴᠢ ᠳᠤᠯᠠᠭᠠᠨ ᠤ ᠮᠤᠩᠭᠤᠯ ᠵᠠᠯᠠᠭᠤᠴᠤᠳ ᠲᠠᠭᠠᠨ ᠵᠤᠷᠢᠭᠤᠯᠤᠨ ᠪᠢᠴᠢᠭᠰᠡᠨ ︽ᠮᠤᠩᠭᠤᠯ | ᠵᠠᠯᠠᠭᠤᠴᠤᠳ ᠪᠠ ᠮᠤᠩᠭᠤᠯ ᠰᠤᠶᠤᠯ︾ ᠭᠡᠬᠦ ᠨᠤᠮ ᠳᠠᠬᠢᠨᠲᠠ ᠬᠡᠪᠯᠡᠭᠳᠡᠯ᠎ᠡ᠃ ᠳᠤᠰ ᠨᠤᠮ 2016 ᠤᠨ ᠤ 4 | ᠰᠠᠷ᠎ᠠ ᠳᠤ ᠦᠪᠦᠷ ᠮᠤᠩᠭᠤᠯ ᠤᠨᠠᠷᠠᠳ ᠤᠨ ᠬᠡᠪᠯᠡᠯ ᠤᠨ ᠬᠤᠷᠢᠶ᠎ᠠ ᠠᠴᠠ ᠠᠩᠬ᠎ᠠ ᠤᠳᠠᠭ᠎ᠠ ᠬᠡᠪᠯᠡᠭᠳᠡᠭᠰᠡᠨ ᠠᠴᠠ | ᠨᠠᠭᠠᠰᠢ ᠵᠠᠯᠠᠭᠤᠴᠤᠳ ᠤᠨ ᠳᠤᠮᠳᠠ ᠲᠤᠩ ᠶᠡᠭᠡ ᠨᠦᠯᠦᠭᠡ ᠳᠤᠰᠬᠠᠯ ᠭᠠᠷᠴᠤ᠂ ᠵᠢᠯ ᠭᠠᠷᠤᠢ ᠶᠢᠨ | ᠬᠤᠭᠤᠴᠠᠭᠠᠨ ᠳᠤ 5000 ᠰᠢᠷᠭᠡᠭ ᠲᠡᠷᠬᠠᠭᠠᠭᠳᠠᠭᠰᠠᠨ ᠶᠤᠮ᠃ ᠦᠨᠦ ᠵᠠᠬ᠎ᠠ ᠳᠡᠯᠭᠡᠭᠦᠷ ᠤᠨ ᠬᠡᠷᠡᠭᠴᠡᠭᠡ ᠳᠤ | ᠵᠤᠬᠢᠴᠠᠭᠤᠯᠤᠨ᠂ ᠨᠡᠩ ᠤᠯᠠᠨ ᠵᠠᠯᠠᠭᠤᠴᠤᠳ ᠲᠤ ᠲᠤᠰ ᠪᠦᠳᠦᠭᠡᠯ ᠢ ᠲᠠᠨᠢᠯᠴᠠᠭᠤᠯᠵᠤ᠂ ᠵᠠᠯᠠᠭᠤᠴᠤᠳ ᠤᠨ ᠭᠠᠷ | ᠠᠪᠤᠯᠭ᠎ᠠ ᠪᠤᠯᠭᠠᠰᠤᠭᠠᠢ ᠬᠡᠮᠡᠨ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠤᠶᠠᠳᠠᠬᠢ | ᠤᠳᠠᠭ᠎ᠠ ᠪᠠᠨ ᠬᠡᠪᠯᠡᠭᠦᠯᠦᠭᠰᠡᠨ ᠪᠢᠯᠡ᠃ | ᠲᠤᠰ ᠨᠤᠮ ︽ᠮᠤᠩᠭᠤᠯ ᠰᠤᠶᠤᠯ ᠪᠤᠯ ᠲᠡᠭᠷᠢᠯᠢᠭ ᠰᠤᠶᠤᠯ ᠪᠢᠰᠢ︾᠂ ︽ᠨᠤᠮ ᠤᠨ ᠲᠤᠭᠤᠷᠢᠭ ᠪᠠ | ᠰᠤᠶᠤᠯ ᠤᠨᠬᠦ᠋ᠷᠢᠶᠡ︾᠂ ︽ᠰᠤᠶᠤᠯ ᠤᠨ ᠲᠦᠢᠯᠰᠢᠷᠡᠯ ᠪᠠ ᠮᠡᠳᠡᠯᠭᠡ ᠶᠢᠨ ᠬᠤᠮᠰᠠᠳᠠᠯ︾ ᠵᠡᠷᠭᠡ ᠠᠷᠪᠠᠭᠠᠳ | ᠵᠤᠬᠢᠶᠠᠯ ᠢᠶᠠᠷ ᠪᠦᠷᠢᠯᠳᠦᠭᠰᠡᠨ ᠶᠤᠮ᠃ ᠳᠤᠯᠠᠭᠠᠨ ᠪᠠᠭᠰᠢ ᠲᠤᠰᠬᠠᠢ ᠪᠤᠯᠤᠩ ᠤᠨ ᠵᠤᠬᠢᠶᠠᠯᠴᠢ ᠶᠢᠨ ᠬᠤᠪᠢ ᠪᠠᠷ | ︽ᠦᠪᠦᠷ ᠮᠤᠩᠭᠤᠯ ᠤᠨ ᠵᠠᠯᠠᠭᠤᠴᠤᠳ︾ ᠰᠡᠳᠭᠦᠯ ᠤᠨ 2013 ᠤᠨ ᠠᠴᠠ 2014 ᠤᠨ ᠤ ᠬᠤᠭᠤᠴᠠᠭᠠᠨ ᠳᠤ | ᠡᠳᠡᠭᠡᠷ ᠵᠤᠬᠢᠶᠠᠯ ᠢᠶᠠᠨ ᠨᠡᠶᠢᠲᠡᠯᠡᠵᠦ ᠦᠩᠭᠡᠷᠡᠭᠰᠡᠨᠪᠢᠯᠡ᠃ | ︽ᠡᠳᠡᠭᠡᠷ ᠵᠤᠬᠢᠶᠠᠯ ᠤᠳ ᠲᠠᠭᠠᠨ ᠪᠢ ᠭᠤᠤᠯᠳᠠᠭᠤ ᠮᠤᠩᠭᠤᠯ ᠵᠠᠯᠠᠭᠤᠴᠤᠳ ᠪᠠ ᠮᠤᠩᠭᠤᠯ ᠰᠤᠶᠤᠯ ᠤᠨ | ᠲᠤᠬᠠᠢ ᠶᠠᠷᠢᠯᠴᠠᠬᠤ ᠶᠢ ᠬᠦᠰᠡᠭᠰᠡᠨ ᠶᠤᠮ︾ ᠭᠡᠵᠦ ᠵᠤᠬᠢᠶᠠᠭᠴᠢ ᠶᠢᠨ ᠬᠡᠯᠡᠭᠰᠡᠨᠴᠢᠯᠡᠨ ᠳᠤᠰ ᠨᠤᠮ ᠨᠢ | ᠤᠳᠤ ᠶᠢᠨ ᠮᠤᠩᠭᠤᠯ ᠵᠠᠯᠠᠭᠤᠴᠤᠳ ᠢᠶᠠᠨ ᠡᠷᠳᠡᠮ ᠨᠤᠮ᠂ ᠴᠠᠭ ᠮᠦᠴᠡ᠂ ᠬᠤᠲᠠᠴᠢᠯᠠᠯᠲᠠ ᠲᠠᠶᠠᠭᠠᠷᠴᠢᠯᠠᠯᠲᠠ᠂ | ᠬᠦᠰᠡᠯᠡᠩ ᠮᠦᠷᠦᠭᠡᠳᠦᠯ᠂ ᠰᠤᠶᠤᠯ ᠤᠨᠬᠦ᠋ᠷᠢᠶ᠎ᠠ ᠴᠠᠷᠠᠭ᠎ᠠ᠂ ᠰᠤᠶᠤᠯ ᠤᠨ ᠲᠦᠢᠯᠰᠢᠷᠠᠯ᠂ ᠰᠤᠶᠤᠯ ᠤᠨ ᠬᠤᠮᠰᠠᠳᠠᠯ᠂ | ᠤᠷᠤᠨ ᠨᠤᠲᠤᠭ ᠤᠨ ᠰᠤᠶᠤᠯ᠂ ᠤᠳᠤᠬᠢᠴᠢᠯᠠᠯᠲᠠ ᠭᠡᠬᠦ ᠮᠡᠲᠦ ᠶᠢᠨ ᠤᠯᠠᠨ ᠠᠭᠤᠯᠭ᠎ᠠ ᠲᠠᠢ ᠬᠤᠯᠪᠤᠭᠳᠠᠭᠤᠯᠵᠤ᠂ | ᠮᠤᠩᠭᠤᠯ ᠵᠠᠯᠠᠭᠤᠴᠤᠳ ᠪᠠᠭᠠᠴᠤᠳ ᠤᠨ ᠢᠶᠠᠨ ᠰᠢᠨ᠎ᠡ ᠴᠠᠭ ᠦᠶ᠎ᠡ ᠳᠤ ᠡᠷᠡᠭᠦᠯ ᠰᠠᠷᠠᠭᠤᠯ ᠦᠰᠦᠨ | ᠪᠤᠶᠢᠵᠢᠬᠤ ᠶᠢ ᠠᠩᠬᠠᠷᠤᠨ ᠬᠠᠯᠠᠮᠵᠢᠯᠠᠵᠤ᠂ ᠮᠤᠩᠭᠤᠯ ᠵᠠᠯᠠᠭᠤᠴᠤᠳ ᠤᠨ ᠳᠤᠮᠳᠠᠬᠢ ᠢᠳᠡᠪᠬᠢ ᠦᠵᠡᠭᠳᠡᠯ ᠪᠠ | ᠨᠠᠵᠠᠭᠠᠢ ᠦᠵᠡᠭᠳᠡᠯ ᠳᠤ ᠴᠢᠭᠯᠡᠭᠦᠯᠦᠨ ᠦᠨᠳᠦᠰᠦᠲᠡᠨ ᠤ ᠪᠠᠨ ᠢᠷᠡᠭᠡᠳᠦᠢ ᠶᠢᠨ ᠬᠤᠪᠢ ᠵᠠᠶᠠᠭᠠᠨ ᠳᠤ ᠰᠠᠨᠠᠭᠠᠰᠢᠷᠠᠵᠤ᠂ | ᠳᠤᠲᠠᠭᠳᠠᠯ ᠢᠶᠠᠨ ᠨᠦᠬᠦᠪᠦᠷᠢᠯᠡᠨ᠂ ᠳᠠᠪᠠᠭᠤᠯᠢᠭ ᠢᠶᠠᠨ ᠪᠠᠳᠠᠷᠠᠭᠤᠯᠵᠤ᠂ ᠲᠠᠰᠤᠷᠠᠯᠳᠠ ᠦᠭᠡᠢ ᠴᠢᠷᠮᠠᠶᠢᠨ | ᠤᠷᠤᠭᠰᠢᠯᠠᠬᠤ ᠶᠢ ᠤᠷᠢᠶᠠᠯᠠᠨ ᠳᠠᠭᠤᠳᠠᠵᠤ᠂ ᠳᠡᠯᠡᠬᠡᠢ ᠶᠢᠷᠲᠢᠨᠴᠦ ᠶᠢ ᠲᠠᠨᠢᠬᠤ ᠶᠢᠨ ᠬᠠᠮᠳᠤ ᠦᠨᠳᠦᠰᠦᠲᠡᠨ ᠤ | ᠦᠭᠡ ᠬᠡᠯᠡ ᠦᠰᠦᠭ ᠪᠢᠴᠢᠭ ᠢᠶᠠᠨ ᠡᠷᠬᠢᠮᠯᠡᠨ ᠳᠡᠭᠡᠳᠦᠯᠡᠵᠦ ᠶᠠᠪᠤᠬᠤ ᠶᠢ ᠴᠢᠩ ᠦᠨᠡᠨ ᠰᠡᠳᠭᠢᠯ ᠢᠶᠠᠷ ᠢᠶᠠᠨ | ᠰᠡᠩᠬᠡᠷᠡᠭᠦᠯᠵᠡᠢ᠃ |