| | | ᠬᠠᠮᠢᠶᠠᠷᠤᠭᠴᠢ᠄ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠤᠯᠤᠨ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠶᠢᠨ ᠬᠠᠮᠳᠤᠷᠠᠨ ᠡᠷᠬᠢᠯᠡᠭᠰᠡᠨ ᠲᠤᠰᠬᠠᠶ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠤ ᠠᠨᠳᠠ ᠨᠠᠷ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠬᠦᠳᠦᠯᠦᠭᠴᠢ᠄ | ᠶᠠᠭᠤᠨ ᠤ ᠡᠮᠦᠨ᠎ᠡ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠤ | ᠥᠭᠭᠦᠨ᠎ᠡ ᠤᠤ︖ | ᠲᠢᠶᠠᠨ ᠯᠢ ᠵᠢᠶᠦ᠋ᠨ | ᠲᠣᠭᠲᠠᠬᠤ ᠰᠢᠶᠠᠨ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ ᠪᠠ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠦᠩᠭᠡ ᠦᠵᠡᠮᠵᠢ ᠳᠤ | ᠰᠠᠭᠤᠷᠢᠯᠠᠨ᠂ ᠤᠢᠢᠷ᠎ᠠ ᠶᠢᠨ ᠵᠢᠯ ᠤᠳ ᠲᠤ᠂ ᠨᠢᠭᠡ ᠪᠦᠯᠦᠭ ᠣᠷᠣᠰᠢᠨ ᠰᠠᠭᠤᠬᠤ ᠳᠤ ᠲᠣᠬᠢᠷᠠᠮᠵᠢᠲᠠᠶ ᠮᠥᠷᠲᠡᠭᠡᠨ ᠲᠤᠭᠤᠷᠢᠨ ᠵᠤᠭᠠᠴᠠᠬᠤ ᠳᠤ ᠲᠠᠭᠠᠯᠠᠮᠵᠢᠳᠠᠢ᠂ | ᠭᠠᠵᠠᠷ ᠪᠣᠯᠭᠠᠨ ᠳᠤ ᠭᠤᠶᠤ ᠦᠵᠡᠮᠵᠢ ᠲᠠᠢ᠂ ᠦᠵᠡᠮᠵᠢ ᠪᠣᠯᠭᠠᠨ ᠳᠤ ᠲᠤᠭᠤᠷᠢᠨ ᠵᠤᠭᠠᠴᠠᠵᠤ ᠰᠡᠯᠡᠭᠦᠴᠡᠨ ᠠᠮᠠᠷᠠᠬᠤ ᠳᠤ ᠲᠤᠬᠢᠷᠠᠮᠵᠢᠳᠠᠢ ᠵᠤᠭᠠᠴᠠᠯ ᠤᠨ | ᠰᠠᠭᠤᠷᠢᠨ ᠭᠠᠵᠠᠷ ᠢ ᠬᠦᠴᠦ ᠲᠠᠯᠪᠢᠨ ᠲᠦᠯᠦᠪᠵᠢᠭᠦᠯᠦᠨ ᠪᠠᠶᠢᠭᠤᠯᠪᠠ᠃ ᠱᠸᠡᠨ ᠴᠢᠦᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ᠂ ᠿᠦᠢ | ᠸᠧ ᠦᠵᠦᠮ ᠤᠨ ᠠᠷᠢᠬᠢᠨ ᠬᠦᠷᠢᠶᠡᠯᠡᠩ᠂ ᠶᠡᠭᠡ ᠠᠮᠤᠷᠯᠢᠩᠭᠤᠶ ᠰᠦᠮ᠎ᠡ ᠵᠤᠭᠠᠴᠠᠯ ᠤᠨ ᠦᠵᠡᠮᠵᠢ ᠶᠢᠨ ᠣᠷᠣᠨ᠂ ᠬᠠᠲᠤᠨ ᠭᠤᠣᠯ ᠵᠡᠭᠦᠳᠦ ᠵᠡᠷᠭᠡᠯᠭᠡᠨᠳᠤ | ᠤᠰᠤᠨ ᠶᠢᠷᠳᠢᠨᠴᠦ ᠵᠡᠷᠭᠡ ᠨᠢᠭᠡ ᠪᠦᠯᠦᠭ ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠵᠤ᠂ ᠨᠢᠭᠡᠨ | ᠵᠤᠷᠪᠤᠰ ᠣᠨᠴᠠᠯᠢᠭ ᠪᠦᠬᠦᠢ ᠵᠢᠭᠤᠯᠴᠢᠯᠠᠨ ᠠᠮᠠᠷᠠᠬᠤ᠂ ᠰᠡᠯᠡᠭᠦᠴᠡᠨ ᠲᠣᠭᠤᠷᠢᠬᠤ ᠤᠬᠢ ᠰᠢᠯᠢᠳᠡᠭ ᠵᠤᠭᠠᠴᠠᠯ ᠤᠨ ᠱᠤᠭᠤᠮ ᠪᠦᠷᠢᠯᠳᠦᠭᠰᠡᠨ ᠪᠠᠶᠢᠨ᠎ᠠ᠃ | ᠡᠳᠡᠭᠡᠷ ᠦᠵᠡᠮᠵᠢᠲᠦ ᠣᠷᠣᠨ ᠦᠵᠡᠮᠵᠢ ᠶᠢᠨ ᠭᠠᠵᠠᠷ ᠪᠠᠶᠢᠭᠤᠯᠤᠭᠳᠠᠭᠰᠠᠨ ᠨᠢ ︽ᠲᠠᠷᠢᠶᠠᠴᠢᠨ ᠠᠶᠢᠯ ᠤᠨ ᠪᠠᠶᠠᠰᠤᠯ︾ ᠵᠠᠩ ᠠᠭᠠᠯᠢ ᠶᠢᠨ ᠵᠤᠭᠠᠴᠠᠯ ᠤᠨ | ᠦᠢᠯᠡᠰ ᠢ ᠬᠦᠭᠵᠢᠭᠦᠯᠵᠦ᠂ ᠣᠳᠣᠬᠠᠨ ᠳᠤ ᠪᠦᠬᠦ ᠰᠢᠶᠠᠨ ᠤ ︽ᠲᠠᠷᠢᠶᠠᠴᠢᠨ ᠠᠶᠢᠯ ᠤᠨ ᠪᠠᠶᠠᠰᠤᠯ︾ ᠵᠠᠩ ᠦᠢᠯᠡ ᠶᠢᠨ ᠵᠤᠭᠠᠴᠠᠯ ᠤᠨ ᠵᠣᠴᠢᠯᠠᠬᠤ | ᠭᠠᠵᠠᠷ 66 ᠡᠷᠦᠬᠡ ᠳᠤ ᠬᠦᠷᠴᠦ᠂ ︽ᠬᠤᠤ ᠵᠢᠶᠠ ᠶᠣᠣ ᠲᠣᠰᠬᠤᠨ︾᠂ ︽ᠵᠡᠭᠦᠨ ᠠᠶᠢᠯ ᠲᠣᠰᠬᠤᠨ︾᠂ ︽ᠾᠧ ᠺᠸᠤ ᠲᠣᠰᠬᠤᠨ︾ ᠵᠡᠷᠭᠡ ᠬᠥᠳᠡᠭᠡ | ᠲᠣᠰᠬᠤᠨ ᠤ ᠵᠤᠭᠠᠴᠠᠯ ᠤᠨ ᠲᠦᠷᠦᠯ ᠵᠦᠢᠯ ᠪᠦᠷᠢᠯᠳᠦᠭᠰᠡᠨ ᠠᠴᠠ ᠯᠤᠲᠤ ᠶᠡᠭᠡ ᠨᠡᠭᠡᠭᠡᠨ ᠠᠰᠢᠭᠯᠠᠬᠤ ᠦᠨ᠎ᠡ ᠴᠡᠨ᠎ᠡ ᠲᠠᠢ ᠵᠠᠬ᠎ᠠ ᠳᠡᠯᠭᠡᠭᠦᠷ ᠤᠨ ᠰᠠᠶᠢᠨ | ᠰᠠᠶᠢᠬᠠᠨ ᠢᠷᠡᠭᠡᠳᠦᠶ ᠶᠢᠨ ᠲᠥᠯᠥᠪ ᠪᠠᠶᠢᠳᠠᠯ ᠪᠡᠶᠡᠯᠡᠭᠳᠡᠵᠦ ᠴᠢᠳᠠᠵᠠᠢ᠃ ᠮᠠᠨ ᠤ ᠰᠢᠶᠠᠨ ᠤᠷᠢᠳ ᠬᠤᠵᠢᠳ ︽ᠬᠥᠬᠡᠬᠤᠲᠠ ᠶᠢᠨ ᠣᠨ ᠤ ᠵᠤᠭᠠᠴᠠᠯ ᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠡᠷᠢᠭᠦᠨ ᠤ ᠭᠠᠵᠠᠷ ᠣᠷᠣᠨ︾᠂ ︽ᠬᠥᠬᠡᠬᠤᠲᠠ ᠶᠢᠨ ᠵᠤᠭᠠᠴᠠᠯ ᠤᠨ | ᠠᠵᠢᠯ ᠤᠨ ᠬᠠᠮᠤᠭ ᠤᠨ ᠰᠠᠶᠢᠨ ᠬᠤᠰᠢᠭᠤ ᠰᠢᠶᠠᠨ ᠲᠣᠭᠤᠷᠢᠭ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠤᠭᠠᠴᠠᠯ ᠤᠨ ᠰᠡᠯᠡᠭᠦᠴᠡᠯ ᠵᠢᠱᠢᠶᠡᠴᠢ ᠰᠢᠶᠠᠨ︾ ᠪᠠᠷ ᠦᠨᠡᠯᠡᠭᠳᠡᠪᠡ᠃ ᠤᠢᠢᠷ᠎ᠠ ᠶᠢᠨ ᠵᠢᠯ ᠠᠴᠠ᠂ ᠪᠦᠬᠦ | ᠰᠢᠶᠠᠨ ᠳᠤ ᠵᠤᠭᠠᠴᠠᠯ ᠤᠨ ᠶᠡᠷᠦᠩᠬᠡᠶ ᠬᠥᠮᠦᠨ ᠤ ᠲᠤᠭ᠎ᠠ᠂ ᠶᠡᠷᠦᠩᠬᠡᠶ ᠣᠷᠣᠯᠭ᠎ᠠ ᠵᠡᠷᠭᠡ ᠭᠤᠣᠯ ᠭᠤᠣᠯ ᠭᠦᠢᠴᠡᠳᠬᠡᠬᠦ ᠲᠤᠭ᠎ᠠ ᠨᠢ ᠴᠥᠮ ᠬᠤᠶᠠᠷ ᠣᠷᠣᠨᠲᠤ | ᠲᠤᠭᠠᠨ ᠤ ᠬᠤᠷᠳᠤᠴᠠ ᠪᠠᠷ ᠨᠡᠮᠡᠭᠳᠡᠵᠦ᠂ 2017 ᠣᠨ ᠳᠤ ᠪᠦᠬᠦ ᠰᠢᠶᠠᠨ ᠤ ᠵᠣᠴᠢᠯᠠᠭᠰᠠᠨ ᠵᠤᠭᠠᠴᠠᠭᠰᠠᠳ ᠨᠡᠶᠢᠳᠡ 90.45 ᠲᠦᠮᠡᠨ ᠬᠦᠮᠦᠨ ︵ | ᠤᠳᠠᠭ᠎ᠠ︶ ᠳᠤ ᠬᠦᠷᠴᠦ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 1 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠴᠡᠢ᠃ ᠡᠨᠡ ᠵᠢᠯ ᠤᠨ ᠳᠡᠭᠡᠷ᠎ᠡ ᠬᠠᠭᠠᠰ | ᠵᠢᠯ ᠳᠤ᠂ ᠪᠦᠬᠦ ᠰᠢᠶᠠᠨ ᠤ ᠵᠤᠭᠠᠴᠠᠯ ᠤᠨ ᠵᠤᠭᠠᠴᠠᠭᠰᠠᠳ ᠤᠨ ᠬᠥᠮᠦᠨ ᠤ ︵ᠤᠳᠠᠭ᠎ᠠ︶ ᠲᠤᠭ᠎ᠠ 31.37 ᠲᠦᠮᠡᠨ ᠬᠥᠮᠦᠨ ︵ᠤᠳᠠᠭ᠎ᠠ︶ ᠳᠤ ᠬᠦᠷᠴᠦ᠂ | ᠵᠤᠭᠠᠴᠠᠯ ᠤᠨ ᠶᠡᠷᠦᠩᠬᠡᠢ ᠣᠷᠣᠯᠭ᠎ᠠ 3153.6 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ | ᠬᠥᠲᠥᠯᠥᠭᠴᠢ | ᠰᠣᠶᠣᠯ ᠵᠤᠭᠠᠴᠠᠯ ᠨᠢ ᠬᠦᠭᠵᠢᠨ ᠮᠠᠨᠳᠤᠵᠤ ᠪᠠᠶᠢᠭ᠎ᠠ ᠠᠵᠤ ᠦᠢᠯᠡᠰ ᠪᠣᠯᠤᠭᠰᠠᠨ ᠤ ᠬᠤᠪᠢ ᠳᠤ᠂ ᠡᠯ᠎ᠡ ᠭᠠᠵᠠᠷ ᠣᠷᠣᠨ ᠤ ᠦᠷᠢᠰᠦᠯᠳᠦᠨ | ᠪᠤᠶᠢᠵᠢᠭᠤᠯᠬᠤ ᠪᠤᠯᠤᠨ ᠬᠦᠭᠵᠢᠯᠳᠡ ᠶᠢᠨ ᠲᠤᠯᠭᠠᠭᠤᠷᠢ ᠠᠵᠤ ᠦᠢᠯᠡᠰ ᠪᠤᠯᠬᠤᠷ ᠦᠷᠢᠰᠦᠯᠳᠦᠭᠡᠨ ᠨᠡᠯᠢᠶᠡᠳ ᠬᠤᠷᠴᠠ ᠰᠢᠷᠦᠭᠦᠨ ᠪᠠᠶᠢᠨ᠎ᠠ᠃ ᠲᠣᠭᠲᠠᠬᠤ | ᠰᠢᠶᠠᠨ ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠳᠠᠪᠠᠭᠤᠯᠢᠭ ᠲᠠᠯ᠎ᠠ ᠲᠠᠢ ᠪᠤᠢ︖ | ᠲᠢᠶᠠᠨ ᠯᠢ ᠵᠢᠶᠦ᠋ᠨ | ᠲᠣᠭᠲᠠᠬᠤ ᠰᠢᠶᠠᠨ ᠪᠣᠯ ᠥᠨᠢ ᠤᠳᠠᠭᠠᠨ ᠲᠡᠦᠬᠡ ᠲᠠᠢ᠂ ᠰᠣᠶᠣᠯ ᠤᠨ ᠦᠯᠡᠳᠡᠭᠳᠡᠯ ᠤᠯᠠᠨ ᠪᠠᠶᠢᠳᠠᠭ᠂ ᠬᠠᠭᠤᠴᠢᠨ ᠬᠤᠳᠠ᠂ ᠬᠠᠳᠤᠨ ᠭᠤᠤᠯ᠂ | ᠡᠯᠡᠰᠦ ᠮᠠᠩᠬ᠎ᠠ ᠶᠢᠨ ᠲᠠᠯᠠᠪᠠᠢ ᠠᠭᠤᠳᠠᠮ ᠵᠡᠷᠭᠡ ᠡᠯᠪᠡᠭ ᠪᠠᠶᠠᠯᠢᠭ ᠵᠤᠭᠠᠴᠠᠯ ᠤᠨ ᠡᠬᠢ ᠪᠠᠶᠠᠯᠢᠭ ᠪᠣᠯ ᠲᠣᠭᠲᠠᠬᠤ ᠰᠢᠶᠠᠨ ᠤ ᠰᠣᠶᠣᠯ ᠵᠤᠭᠠᠴᠠᠯ ᠤᠨ ᠠᠵᠤ | ᠦᠢᠯᠡᠰ ᠤᠨ ᠬᠥᠭᠵᠢᠯᠲᠡ ᠶᠢᠨ ᠬᠠᠮᠤᠭ ᠤᠨ ᠶᠡᠭᠡ ᠳᠠᠪᠠᠭᠤᠯᠢᠭ ᠲᠠᠯ᠎ᠠ ᠪᠣᠯᠬᠤ ᠶᠤᠮ᠃ ᠠᠯᠢ ᠡᠷᠲᠡ ᠲᠠᠪᠤ᠂ ᠵᠢᠷᠭᠤᠭᠠᠨ ᠮᠢᠩᠭᠠᠨ ᠵᠢᠯ ᠤᠨ ᠡᠮᠦᠨ᠎ᠡ ᠰᠢᠨ᠎ᠡ | ᠴᠢᠯᠠᠭᠤᠨ ᠵᠡᠪᠰᠡᠭ ᠤᠨ ᠦᠶ᠎ᠡ ᠳᠤ ᠬᠥᠮᠦᠨ ᠲᠥᠷᠥᠯᠬᠢᠲᠡᠨ ᠠᠵᠤ ᠲᠥᠷᠥᠨ ᠠᠮᠢᠳᠤᠷᠠᠵᠤ ᠪᠠᠶᠢᠭᠰᠠᠨ ᠲᠡᠤᠬᠡ ᠲᠠᠢ᠂ ᠡᠭᠦᠨ ᠢ ︽ᠬᠠᠶᠢᠯᠠᠰᠤᠨ ᠪᠤᠯᠠᠭ ᠰᠣᠶᠣᠯ | ︾ ᠭᠡᠵᠦ ᠪᠠᠶᠢᠵᠠᠶ᠃ ᠲᠤᠭᠳᠠᠬᠤ ᠰᠢᠶᠠᠨ ᠤ ᠬᠢᠯᠢ ᠲᠤᠳᠤᠷ᠎ᠠ ᠡᠷᠲᠡᠨ ᠤ ᠪᠠᠶᠢᠯᠳᠤᠭᠠᠨᠲᠤ ᠤᠯᠤᠰ ᠤᠨ ᠶᠦᠨ ᠵᠦᠩ ᠡᠷᠳᠡᠨ ᠤ ᠬᠤᠳᠠ᠂ ᠲᠠᠩ ᠤᠯᠤᠰ ᠤᠨ | ᠦᠶ᠎ᠡ ᠶᠢᠨ ᠬᠢᠯᠢ ᠶᠢᠨ ᠴᠠᠶᠢᠵᠠ᠂ ᠯᠢᠶᠣᠤ᠂ ᠶᠢᠨ᠂ ᠮᠢᠩ ᠤᠯᠤᠰ ᠤᠨ ᠦᠶ᠎ᠡ ᠶᠢᠨ ᠳ᠋ᠦᠩᠱᠧᠩ ᠬᠤᠲᠠ᠂ ᠠᠷᠠᠯᠵᠢᠶ᠎ᠠ ᠮᠠᠶᠢᠮᠠᠢ ᠶᠢᠨ ᠤᠰᠤ ᠬᠠᠭᠤᠷᠠᠢ ᠶᠢᠨ | ᠭᠠᠷᠠᠮ ᠾᠧ ᠺᠸᠤ ᠡᠷᠲᠡᠨ ᠤ ᠪᠠᠯᠭᠠᠰᠤ ᠪᠠᠶᠢᠳᠠᠭ︔ ᠬᠤᠪᠢᠷᠠᠯᠳᠠ ᠶᠡᠭᠡᠳᠡᠢ ᠬᠠᠢ ᠶᠠᠨ ᠷᠠᠰᠢᠶᠠᠨ᠂ ᠬᠤᠯᠤᠰᠤᠨ ᠪᠤᠳᠠ ᠪᠠᠷ ᠴᠢᠮᠡᠭ ᠪᠤᠯᠭᠠᠭᠰᠠᠨ ᠮᠢᠩᠭᠠᠨ ᠮᠦ | ᠨᠠᠭᠤᠷ - ᠨᠠᠨ ᠬᠡᠦ ᠤᠰᠤᠨ ᠲᠡᠭᠡᠷᠡᠬᠢ ᠴᠡᠴᠡᠷᠯᠢᠭ᠂ ᠥᠷᠭᠡᠨ ᠳᠠᠯᠠᠶᠢᠴᠠᠲᠠᠢ ᠤᠷᠤᠰᠬᠠᠯ ᠶᠡᠬᠡᠳᠡᠢ ᠬᠠᠲᠤᠨ ᠭᠤᠣᠯ ᠤᠨ ᠳᠡᠭᠡᠳᠦ ᠳᠤᠮᠳᠠ ᠰᠠᠪᠠ ᠭᠠᠵᠠᠷ ᠤᠨ | ᠬᠢᠯᠢ ᠶᠢᠨ ᠵᠠᠭᠠᠭ᠂ ᠠᠷᠪᠠᠨ ᠬᠡᠳᠤᠨ ᠭᠠᠵᠠᠷ ᠦᠷᠭᠡᠴᠡ ᠲᠠᠢ ᠠᠩᠬᠢᠯᠤᠮ᠎ᠠ ᠦᠨᠦᠷ ᠬᠠᠩᠬᠢᠯᠦᠭ᠌ᠰᠠᠨ ᠦᠵᠦᠮ ᠤᠨ ᠬᠦᠷᠢᠶᠡᠯᠡᠩ ᠪᠠᠶᠢᠳᠠᠭ᠃ 2005 ᠣᠨ ᠳᠤ | ᠳᠤᠮᠳᠠᠳᠤ ᠤᠯᠤᠰ ᠤᠨ ᠵᠤᠭᠠᠴᠠᠯ ᠤᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠬᠠᠮᠤᠭ ᠤᠨ ᠭᠤᠶᠣ ᠭᠠᠵᠠᠷ︾ ᠢᠶᠠᠷ ᠦᠨᠡᠯᠡᠭᠳᠡᠵᠦ ᠂ 2017 ᠣᠨ ᠳᠤ | ᠬᠤᠤ ᠵᠢᠶᠠ ᠶᠣᠣ ᠲᠣᠰᠬᠤᠨ ᠨᠢ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠵᠤᠭᠠᠴᠠᠯ ᠰᠡᠯᠡᠭᠦᠴᠡᠯ ᠤᠨ ᠲᠣᠰᠬᠤᠨ︾ ᠢᠶᠠᠷ ᠦᠨᠡᠯᠡᠭᠳᠡᠭᠰᠡᠨ | ᠪᠠᠶᠢᠨ᠎ᠠ᠃ | ᠲᠤᠭᠳᠠᠬᠤ ᠰᠢᠶᠠᠨ ᠪᠣᠯ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠬᠠᠮᠤᠭ ᠤᠨ ᠢᠳᠡᠪᠬᠢᠲᠡᠶ ᠤᠷᠤᠨ᠂ ᠬᠥᠬᠡᠬᠤᠲᠠ ᠪᠤᠭᠤᠲᠤ | ᠣᠷᠳᠣᠰ ᠤᠨ ︽ᠠᠯᠲᠠᠨ ᠬᠤᠰᠢᠭᠤᠯᠵᠢᠨ︾ ᠤᠷᠤᠨ ᠳᠤ ᠤᠷᠤᠰᠢᠵᠦ᠂ ᠤᠷᠤᠨ ᠤ ᠲᠥᠪ ᠬᠥᠬᠡᠬᠤᠲᠠ ᠠᠴᠠ 65 ᠺᠢᠯᠣᠮᠧᠲᠷ᠂ ᠲᠠᠯ᠎ᠠ ᠨᠤᠲᠤᠭ ᠤᠨ | ᠪᠤᠯᠤᠳ ᠬᠤᠲᠠ ᠪᠤᠭᠤᠲᠤ ᠬᠤᠲᠠ ᠠᠴᠠ 130 ᠺᠢᠯᠣᠮᠧᠲᠷ᠂ ᠤᠷᠳᠤᠰ ᠬᠤᠲᠠ ᠶᠢᠨ ᠵᠡᠭᠦᠨᠭᠠᠷ ᠬᠤᠰᠢᠭᠤ ᠠᠴᠠ 40 ᠺᠢᠯᠣᠮᠧᠲᠷ ᠵᠠᠶᠢᠲᠠᠶ ᠪᠤᠯᠬᠤᠷ ᠵᠠᠮ | ᠬᠠᠷᠢᠯᠴᠠᠭ᠎ᠠ ᠳᠥᠭᠦᠮ᠂ ᠬᠥᠬᠡᠬᠤᠲᠠ ᠠᠴᠠ ᠳ᠋ᠠ ᠲᠦᠩ ᠬᠦᠷᠬᠦ ᠳᠡᠭᠡᠳᠦ ᠬᠤᠷᠳᠤᠴᠠᠳᠤ ᠵᠠᠰᠠᠮᠠᠯ ᠵᠠᠮ᠂ ᠮᠤᠵᠢ ᠶᠢᠨ ᠳᠠᠰ ᠤᠨ 103 ᠱᠤᠭᠤᠮ ᠪᠣᠯᠤᠨ | ᠬᠥᠬᠡᠬᠤᠲᠠ ᠠᠴᠠ ᠲᠤᠭᠳᠠᠬᠤ ᠰᠢᠶᠠᠨ ᠬᠦᠷᠬᠦ ᠬᠠᠭᠤᠴᠢᠨ ᠵᠠᠮ ᠢᠶᠠᠷ ᠭᠤᠣᠯ ᠴᠣᠭᠴᠠ ᠪᠣᠯᠭᠠᠭᠰᠠᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠪᠦᠷᠢᠯᠳᠤᠨ᠂ | ᠬᠥᠬᠡᠬᠤᠲᠠ ᠵᠡᠭᠦᠨᠭᠠᠷ ᠤᠷᠳᠤᠰ ᠬᠤᠳᠠ ᠶᠢᠨ ᠬᠤᠭᠤᠷᠣᠨᠳᠣᠬᠢ ᠲᠡᠮᠤᠷ ᠵᠠᠮ ᠲᠡᠷᠭᠡ ᠨᠡᠪᠲᠡᠷᠡᠭᠰᠡᠨ ᠪᠠ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ | ᠪᠠᠶᠢᠭᠤᠯᠤᠭᠳᠠᠭᠰᠠᠨ ᠨᠢ ᠵᠤᠭᠠᠴᠠᠭᠰᠠᠳ ᠤᠨ ᠲᠤᠭᠳᠠᠬᠤ ᠰᠢᠶᠠᠨ ᠳᠤ ᠵᠤᠭᠠᠴᠠᠬᠤ ᠳᠤ ᠨᠠᠩ ᠲᠥᠬᠦᠮ ᠵᠠᠮ ᠬᠠᠷᠢᠯᠴᠠᠭᠠᠨ ᠤ ᠨᠦᠬᠦᠴᠡᠯ ᠪᠦᠷᠢᠯᠳᠦᠭᠦᠯᠵᠦ | ᠦᠭᠭᠦᠨ᠎ᠡ᠃ | ᠬᠥᠲᠥᠯᠥᠭᠴᠢ | ᠲᠣᠭᠲᠠᠬᠤ ᠰᠢᠶᠠᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠴᠢᠷᠮᠠᠶᠢᠯᠲᠠ ᠭᠠᠷᠭᠠᠭᠰᠠᠨ ᠪᠤᠶ︖ | | ᠲᠢᠶᠠᠨ ᠯᠢ ᠵᠢᠶᠦ᠋ᠨ | ᠤᠢᠢᠷ᠎ᠠ ᠶᠢᠨ ᠬᠡᠳᠦᠨ ᠵᠢᠯ ᠳᠤ᠂ ᠲᠤᠭᠳᠠᠬᠤ ᠰᠢᠶᠠᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠮᠠᠰᠢ ᠴᠢᠬᠤᠯᠠᠴᠢᠯᠠᠨ ᠦᠵᠡᠵᠦ᠂ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠰᠢᠶᠠᠨ ᠤ ᠬᠡᠪᠴᠢᠶᠡᠨ ᠳᠠᠬᠢ ᠵᠤᠭᠠᠴᠠᠯ ᠤᠨ ᠡᠬᠢ ᠪᠠᠶᠠᠯᠢᠭ ᠲᠤ ᠤᠯᠠᠨ ᠤᠳᠠᠭ᠎ᠠ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠬᠥᠮᠦᠨ ᠤ ᠬᠦᠴᠦ᠂ ᠪᠣᠳᠠᠰ ᠤᠨ ᠬᠦᠴᠦ᠂ ᠵᠣᠭᠤᠰ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠰᠠᠶᠢᠨ | ᠰᠠᠶᠢᠬᠠᠨ ᠠᠵᠤ ᠦᠢᠯᠡᠰ ᠤᠨ ᠰᠢᠰᠲ᠋ᠧᠮ ᠪᠠ ᠪᠦᠲᠦᠮᠵᠢᠲᠡᠶ ᠠᠵᠢᠯ ᠤᠨ ᠲᠣᠭᠲᠠᠴᠠ ᠪᠠᠶᠢᠭᠤᠯᠤᠭᠰᠠᠨ ᠪᠠᠶᠢᠨ᠎ᠠ᠃ | ᠨᠢᠭᠡ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠳᠠᠯᠠᠪᠠ᠃ ︽ᠬᠠᠲᠤᠨ ᠭᠤᠤᠯ ᠤᠨ ᠨᠤᠭᠤ ᠭᠠᠵᠠᠷ ᠤᠨ ᠰᠣᠶᠣᠯ ᠵᠤᠭᠠᠴᠠᠯ ᠤᠨ | ᠬᠥᠭᠵᠢᠯᠲᠡ ᠶᠢᠨ ᠲᠥᠯᠥᠪᠵᠢᠭᠦᠯᠭᠡ︾᠂ ︽ᠬᠠᠲᠤᠨ ᠭᠤᠤᠯ ᠤᠨ ᠨᠤᠭᠤ ᠭᠠᠵᠠᠷ ᠤᠨ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠤᠷᠤᠨ ᠢ ᠬᠢᠵᠠᠭᠠᠷᠯᠠᠬᠤ | ᠲᠥᠯᠥᠪᠵᠢᠭᠦᠯᠭᠡ︾ ᠪᠤᠯᠤᠨ ᠬᠠᠲᠤᠨ ᠭᠤᠤᠯ ᠤᠨ ᠨᠤᠭᠤ ᠭᠠᠵᠠᠷ ᠤᠨ ᠴᠡᠴᠡᠷᠯᠢᠭ᠂ ᠬᠠᠲᠤᠨ ᠭᠤᠣᠯ ᠤᠨ ᠵᠤᠭᠠᠴᠠᠯ ᠤᠨ ᠵᠢᠵᠢᠭ ᠪᠠᠯᠭᠠᠰᠤ ᠵᠡᠷᠭᠡ ᠲᠦᠷᠦᠯ | ᠵᠦᠢᠯ ᠤᠨ ᠲᠥᠯᠥᠪᠵᠢᠭᠦᠯᠭᠡ ᠶᠢ ᠵᠢᠷᠤᠭᠯᠠᠨ ᠲᠦᠯᠦᠪᠯᠡᠵᠤ ᠲᠠᠭᠤᠰᠤᠭᠰᠠᠨ ᠪᠠᠶᠢᠨ᠎ᠠ᠃ ︽ᠲᠣᠭᠲᠠᠬᠤ ᠰᠢᠶᠠᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ ᠪᠠ ︽ᠲᠣᠭᠲᠠᠬᠤ ᠰᠢᠶᠠᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ︵ | 2017-2025︶︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠶᠡᠷᠦᠩᠬᠡᠶ ᠲᠥᠯᠥᠪᠵᠢᠭᠦᠯᠭᠡ ᠪᠠᠷ ᠳᠠᠭᠠᠭᠤᠯᠤᠭᠴᠢ ᠪᠤᠯᠭᠠᠭᠰᠠᠨ ᠲᠠᠩ | ᠴᠣᠭᠴᠠ ᠶᠢᠨ ᠲᠥᠯᠥᠪᠵᠢᠭᠦᠯᠭᠡ᠂ ᠨᠠᠷᠢᠨᠲ᠋ᠥ᠋ᠯᠥᠪᠵᠢᠭᠦᠯᠭᠡ᠂ ᠦᠵᠡᠮᠵᠢ ᠶᠢᠨ ᠴᠢᠭ ᠤᠨ ᠬᠢᠵᠠᠭᠠᠷᠯᠠᠬᠤ ᠲᠥᠯᠥᠪᠵᠢᠭᠦᠯᠭᠡ ᠪᠠᠷ ᠨᠥᠬᠦᠪᠥᠷᠢ ᠪᠣᠯᠭᠠᠭᠰᠠᠨ | ᠨᠡᠯᠢᠶᠡᠳ ᠪᠦᠷᠢᠨ ᠪᠦᠲᠦᠨ ᠲᠥᠯᠥᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠠᠯᠤᠰ ᠬᠡᠳᠦ ᠶᠢᠨ | ᠬᠥᠭᠵᠢᠯᠲᠡ ᠶᠢᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠪᠠ᠃ | ᠬᠤᠶᠠᠷ ᠲᠤ᠂ ᠦᠨᠳᠦᠰᠦ ᠪᠠᠨ ᠪᠠᠲᠤᠳᠬᠠᠵᠤ ᠰᠠᠭᠤᠷᠢ ᠪᠠᠨ ᠪᠠᠬᠢᠵᠢᠭᠦᠯᠬᠦ ᠶᠢ ᠬᠦᠨᠳᠦᠳᠭᠡᠪᠡ᠃ ᠬᠠᠳᠤᠨ ᠭᠤᠣᠯ ᠳᠠᠭᠠᠤ ᠵᠤᠭᠠᠴᠠᠯ ᠤᠨ ᠵᠠᠰᠠᠮᠠᠯ | ᠵᠠᠮ 42 ᠺᠢᠯᠣᠮᠧᠲᠷ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠭᠡᠷᠡᠯᠳᠤ ᠲᠤᠰᠬᠤᠨ ᠤ ᠶᠡᠭᠡ ᠬᠥᠭᠦᠷᠭᠡ ᠶᠢᠨ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠲᠠᠭᠤᠰᠬᠠᠵᠤ᠂ ᠲᠣᠭᠲᠠᠬᠤ ᠨᠢᠭᠡᠳᠦᠭᠡᠷ ᠳᠡᠰ ᠤᠨ ᠠᠶᠠᠨᠴᠢᠳ ᠤᠨ ᠮᠠᠰᠢᠨ ᠲᠡᠷᠭᠡᠨ ᠤ ᠦᠷᠳᠡᠭᠡ᠂ ᠬᠥᠬᠡᠬᠤᠲᠠ | ᠵᠡᠭᠦᠨᠭᠠᠷᠣᠷᠳᠣᠰ ᠲᠡᠮᠦᠷ ᠵᠠᠮ ᠤᠨ ᠲᠣᠭᠲᠠᠬᠤ ᠵᠡᠭᠦᠨ ᠦᠷᠳᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠨ ᠤ ᠪᠦᠳᠦᠬᠡᠨ ᠪᠠᠶᠢᠭᠤᠯᠤᠯᠲᠠ᠂ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠨᠡᠪᠳᠡᠷᠡᠵᠤ᠂ ᠭᠤᠤᠯᠳᠠᠯᠭ᠎ᠠ ᠲᠠᠢ ᠦᠵᠡᠮᠵᠢ ᠶᠢᠨ ᠣᠷᠣᠨ᠂ ᠬᠤᠲᠠ ᠪᠠᠯᠭᠠᠰᠤ ᠳᠤ ᠲᠦᠭᠡᠮᠡᠯᠵᠢᠬᠦ | ᠳᠥᠭᠦᠮ ᠳᠥᠲᠡ ᠵᠠᠮ ᠨᠡᠪᠲᠡᠷᠡᠯᠭᠡ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠶᠢ ᠴᠢᠷᠮᠠᠶᠢᠨ ᠪᠠᠶᠢᠭᠤᠯᠪᠠ᠃ ︽ᠵᠤᠭᠠᠴᠠᠯ ᠤᠨ ᠵᠣᠷᠯᠣᠩ ᠤᠨ | ᠦᠭᠡᠷᠡᠴᠢᠯᠡᠯᠳᠡ︾ ᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ ᠵᠤᠭᠠᠴᠠᠯ ᠤᠨ ᠣᠷᠣᠨ ᠤ ᠵᠠᠮ ᠳᠠᠭᠠᠤ ᠨᠢᠭᠡ | ᠪᠦᠯᠦᠭ ᠠᠮᠢ ᠠᠬᠤᠶ ᠶᠢᠨ ᠵᠤᠭᠠᠴᠠᠯ ᠤᠨ ᠤᠷᠤᠨ ᠤ ᠵᠤᠷᠯᠤᠩ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠵᠤᠭᠠᠴᠠᠭᠰᠠᠳ ᠤᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠬᠡᠳᠦᠨ ᠵᠢᠯ ᠤᠨ ᠲᠤᠷᠰᠢᠬᠢ ᠪᠦᠳᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠪᠦᠬᠦ ᠰᠢᠶᠠᠨ ᠤ | ᠵᠤᠭᠠᠴᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠭᠦᠷᠦᠮᠵᠢ᠂ ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠨᠥᠬᠦᠴᠡᠯ ᠢ ᠠᠯᠬᠤᠮ ᠠᠯᠬᠤᠮ ᠲᠡᠭᠦᠯᠳᠡᠷᠵᠢᠭᠦᠯᠵᠦ᠂ ᠵᠤᠭᠠᠴᠠᠯ ᠤᠨ ᠦᠢᠯᠡᠰ ᠤᠨ ᠬᠦᠭᠵᠢᠯᠳᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠭᠤᠷᠪᠠ ᠳᠤ᠂ ᠤᠬᠠᠭᠤᠯᠤᠨ ᠲᠠᠨᠢᠯᠴᠠᠭᠤᠯᠬᠤ ᠠᠵᠢᠯ ᠢ ᠴᠢᠩᠭᠠᠳᠬᠠᠪᠠ᠃ ᠣᠶᠢᠷ᠎ᠠ ᠶᠢᠨ ᠵᠢᠯ ᠳᠤ᠂ ᠲᠤᠭᠳᠠᠬᠤ ᠰᠢᠶᠠᠨ ᠥᠪᠡᠷᠲᠡᠭᠡᠨ ᠵᠠᠰᠠᠬᠤ | ᠣᠷᠣᠨ᠂ ᠬᠥᠬᠡᠬᠤᠲᠠ ᠶᠢᠨ ᠵᠤᠭᠠᠴᠠᠯ ᠤᠨ ᠲᠣᠪᠴᠢᠶᠠᠨ ᠤ ᠵᠣᠬᠢᠶᠠᠨ ᠪᠠᠶᠢᠭᠤᠯᠤᠭᠰᠠᠨ ᠡᠯ᠎ᠡ ᠵᠦᠢᠯ ᠤᠨ ᠵᠤᠭᠠᠴᠠᠯ ᠤᠨ ᠤᠬᠠᠭᠤᠯᠭ᠎ᠠ ᠶᠢᠨ ᠠᠵᠢᠯᠯᠠᠭ᠎ᠠ ᠳᠤ | ᠦᠷᠭᠦᠯᠵᠢ ᠤᠷᠤᠯᠴᠠᠵᠤ᠂ ᠤᠤᠯ ᠤᠨ ᠵᠢᠭᠤᠯᠴᠢᠯᠠᠭᠴᠢᠳ ᠤᠨ ᠢᠷᠡᠯᠲᠡ ᠶᠢ ᠪᠠᠬᠢᠵᠢᠭᠦᠯᠬᠦ ᠰᠠᠭᠤᠷᠢᠨ ᠳᠡᠭᠡᠷ᠎ᠡ᠂ ︽ᠭᠠᠳᠠᠭᠰᠢ ᠭᠠᠷᠬᠤ︾ ᠵᠠᠭᠪᠤᠷ ᠢ | ᠪᠠᠷᠢᠮᠲᠠᠯᠠᠵᠤ᠂ ᠨᠡᠩ ᠤᠯᠠᠨ ᠵᠤᠭᠠᠴᠠᠯ ᠤᠨ ᠬᠦᠭᠵᠢᠯᠳᠡᠢ ᠬᠤᠳᠠ ᠳᠤ ᠬᠦᠷᠴᠦ ᠵᠤᠭᠠᠴᠠᠯ ᠤᠨ ᠤᠬᠠᠭᠤᠯᠭ᠎ᠠ ᠪᠣᠷᠣᠯᠠᠭᠤᠯᠭ᠎ᠠ ᠪᠠᠨ ᠠᠬᠢᠭᠤᠯᠬᠤ ᠠᠵᠢᠯᠯᠠᠭ᠎ᠠ | ᠬᠢᠵᠦ᠂ ᠰᠢᠨ᠎ᠡ ᠵᠢᠭᠤᠯᠴᠢᠯᠠᠭᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠶᠢ ᠨᠡᠭᠡᠭᠡᠨ ᠬᠦᠭᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠨᠡᠶᠢᠭᠡᠮ ᠤᠨ | ᠬᠦᠴᠦᠨ ᠢ ᠭᠦᠢᠴᠡᠳ ᠳᠠᠶᠢᠴᠢᠯᠠᠵᠤ᠂ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠪᠠᠷ ᠲᠣᠯᠣᠭᠠᠶᠢᠯᠠᠭᠤᠯᠵᠤ᠂ ᠪᠠᠶᠠᠷ ᠳᠤᠷᠠᠰᠬᠠᠯ ᠤᠨ ᠠᠵᠢᠯᠯᠠᠭ᠎ᠠ ᠪᠠᠷ | ᠰᠠᠭᠤᠷᠢ ᠪᠣᠯᠭᠠᠵᠤ᠂ ᠪᠠᠯᠭᠠᠰᠤ ᠭᠠᠴᠠᠭ᠎ᠠ ᠲᠣᠰᠬᠤᠨ ᠤ ᠠᠵᠢᠯᠯᠠᠭ᠎ᠠ ᠪᠠᠷ ᠭᠤᠣᠯ ᠴᠣᠭᠴᠠ ᠪᠣᠯᠭᠠᠭᠰᠠᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠲᠥᠷᠥᠯ | ᠲᠡᠮᠳᠡᠭ ᠪᠦᠷᠢᠯᠳᠦᠪᠡ᠃ ︽ᠬᠠᠲᠤᠨ ᠭᠤᠣᠯ ᠤᠨ ᠰᠣᠶᠣᠯ ᠵᠤᠭᠠᠴᠠᠯ ᠤᠨ ᠨᠠᠶᠢᠷ︾ ᠲᠤᠯᠤᠭ᠎ᠠ ᠤᠳᠠᠭ᠎ᠠ ᠡᠷᠬᠢᠯᠡᠨ᠂ ᠠᠩᠬᠠᠳᠤᠭᠠᠷ ᠬᠤᠭᠤᠴᠠᠭᠠᠨ ᠤ ᠬᠠᠲᠤᠨ | ᠭᠤᠣᠯ ᠤᠨ ᠭᠤᠤᠯ ᠭᠡᠰᠦᠯᠳᠡ ᠶᠢᠨ ᠵᠢᠭᠠᠰᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ | ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠲᠡᠭᠡᠭᠰᠢᠯᠡᠭᠦᠯᠵᠦ᠂ ᠡᠷᠬᠢᠨ ᠲᠣᠭᠤᠷᠢᠨ ᠬᠢᠭᠡᠳ ᠣᠷᠣᠨ ᠤ ᠳᠣᠲᠣᠷ᠎ᠠ ᠭᠠᠳᠠᠨᠠᠬᠢ ᠦᠶ | ᠣᠯᠠᠨ ᠵᠤᠭᠠᠴᠠᠭᠰᠠᠳ ᠤᠨ ᠪᠠᠭ᠋ᠠᠷᠤᠯ ᠢ ᠲᠠᠳᠠᠵᠤ᠂ ᠰᠣᠶᠣᠯ ᠵᠤᠭᠠᠴᠠᠯ ᠤᠨ ᠬᠡᠷᠡᠭᠯᠡᠯᠭᠡ ᠶᠢᠨ ᠰᠦᠢᠳᠭᠡᠯ ᠢ ᠬᠦᠴᠦᠲᠡᠶ ᠠᠬᠢᠭᠤᠯᠪᠠ᠃ | ᠳᠥᠷᠪᠡ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠠ᠃ ᠵᠤᠭᠠᠴᠠᠯ ᠤᠨ ᠰᠠᠯᠠᠭ᠎ᠠ ᠮᠥᠴᠢᠷ ᠲᠦᠷᠦᠭᠦᠯᠡᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠳᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠵᠤ | ᠵᠤᠭᠠᠴᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ᠂ ᠬᠥᠳᠡᠭᠡ ᠶᠢᠨ ᠵᠤᠭᠠᠴᠠᠯ᠂ | ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠲᠠᠯᠠᠪᠤᠷ ᠲᠤ ᠬᠥᠳᠡᠯᠦᠩᠭᠦᠶ ᠰᠢᠮᠳᠠᠭᠤᠯᠤᠨ ᠪᠠᠶᠢᠴᠠᠭᠠᠬᠤ ᠪᠠ ᠬᠡᠪ ᠪᠠᠶᠢᠳᠠᠯ ᠤᠨ ᠬᠠᠮᠢᠶᠠᠷᠤᠯᠳᠠ ᠶᠢ | ᠴᠢᠩᠭᠠᠳᠬᠠᠪᠠ᠃ ᠵᠤᠭᠠᠴᠠᠯ ᠤᠨ ᠠᠵᠢᠯ ᠲᠥᠷᠥᠯ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠢᠳᠡᠪᠬᠢᠲᠡᠶ ᠪᠠᠷ | ᠥᠷᠨᠢᠭᠦᠯᠵᠦ᠂ ᠵᠤᠭᠠᠴᠠᠯ ᠤᠨ ᠢᠳᠡᠭᠡᠨ ᠤᠮᠳᠠᠭᠠᠨ ᠤ ᠦᠢᠯᠡᠰ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠵᠤ᠂ ᠵᠤᠭᠠᠴᠠᠯ ᠤᠨ ᠢᠳᠡᠭᠡᠨ | ᠤᠮᠳᠠᠭᠠᠨ ᠤ ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠵᠤ᠂ ᠵᠤᠭᠠᠴᠠᠯ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠶ ᠡᠵᠡᠩᠨᠡᠬᠦ ᠦᠢᠯᠡ ᠠᠵᠢᠯᠯᠠᠭ᠎ᠠ ᠶᠢ | ᠠᠯᠬᠤᠮ ᠠᠯᠬᠤᠮ ᠢᠶᠠᠷ ᠲᠦᠷᠢᠮᠵᠢᠭᠦᠯᠦᠭᠰᠡᠨ ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠠᠮᠠᠭᠠᠯᠠᠵᠤ᠂ ᠵᠤᠭᠠᠴᠠᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠦᠲᠦᠮᠵᠢᠲᠡᠶ ᠬᠠᠮᠠᠭᠠᠯᠠᠵᠤ᠂ ᠰᠠᠶᠢᠨ ᠰᠠᠶᠢᠬᠠᠨ | ᠵᠤᠭᠠᠴᠠᠯ ᠤᠨ ᠣᠷᠴᠢᠨ ᠲᠣᠭᠤᠷᠢᠨ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ | ᠬᠥᠲᠥᠯᠥᠭᠴᠢ | ︽ᠨᠢᠭᠡ ᠨᠠᠶᠢᠷ ᠲᠠᠪᠤᠨ ᠦᠵᠡᠮᠵᠢ ᠬᠤᠶᠠᠷ ᠰᠠᠭᠤᠷᠢᠨ ᠭᠠᠵᠠᠷ︾ ᠤᠨ ᠪᠣᠳᠠᠲᠠᠶ ᠠᠭᠤᠯᠭ᠎ᠠ ᠶᠢ ᠳᠥᠭᠦᠮᠬᠡᠨ ᠲᠠᠨᠢᠯᠴᠠᠭᠤᠯᠤᠭᠠᠳ ᠦᠭᠭᠦᠨᠦ︖᠃ | ᠲᠢᠶᠠᠨ ᠯᠢ ᠵᠢᠶᠦ᠋ᠨ | ᠨᠢᠭᠡ ᠨᠠᠶᠢᠷ ᠪᠤᠯ ᠲᠠᠷᠤᠢ ᠬᠠᠲᠤᠨ ᠭᠤᠣᠯ ᠤᠨ ᠰᠣᠶᠣᠯ ᠵᠤᠭᠠᠴᠠᠯ ᠤᠨ ᠨᠠᠶᠢᠷ ᠤᠨ ᠰᠢᠷᠢᠰ ᠠᠵᠢᠯᠯᠠᠭ᠎ᠠ ᠶᠢ ᠪᠦᠳᠦᠮᠵᠢᠳᠡᠢ ᠡᠷᠬᠢᠯᠡᠵᠤ᠂ ᠬᠠᠳᠤᠨ | ᠭᠤᠤᠯ ᠤᠨ ᠭᠡᠰᠦᠯᠳᠡ ᠵᠢᠭᠠᠰᠦᠨ ᠨᠠᠶᠢᠷ᠂ ᠦᠵᠦᠮ᠂ ᠲᠤᠮᠤ ᠬᠦᠢᠯᠡᠰᠦ ᠵᠡᠷᠭᠡ ᠳᠠᠪᠠᠭᠤᠯᠢᠭ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠡᠬᠢ | ᠪᠠᠶᠠᠯᠢᠭ ᠢ ᠠᠰᠢᠭᠯᠠᠨ᠂ ᠣᠷᠣᠨ ᠨᠤᠲᠤᠭ ᠤᠨ ᠣᠨᠴᠠᠯᠢᠭ ᠲᠠᠢ ᠲᠠᠶᠢᠰᠠᠨ ᠵᠦᠴᠦᠭᠡ ᠪᠠ ᠵᠤᠭᠠᠴᠠᠯ ᠤᠨ ᠨᠡᠶᠢᠯᠡᠯᠲᠡ ᠶᠢ ᠲᠦᠯᠬᠢᠨ ᠠᠬᠢᠭᠤᠯᠵᠤ᠂ ᠣᠷᠣᠨ | ᠨᠤᠲᠤᠭ ᠤᠨ ᠭᠦᠨ ᠵᠤᠵᠠᠭᠠᠨ ᠲᠡᠦᠬᠡ ᠰᠣᠶᠣᠯ ᠢᠷᠭᠡᠨᠰᠢᠯ ᠤᠨ ᠣᠨᠴᠠᠯᠢᠭ ᠲᠠᠢ ᠵᠤᠭᠠᠴᠠᠯ ᠤᠨ ᠲᠠᠸᠠᠷ ᠢ ᠨᠡᠭᠡᠭᠡᠨ ᠬᠥᠭᠵᠢᠭᠦᠯᠬᠦ ᠶᠢ ᠵᠢᠭᠠᠨ᠎ᠠ᠃ | ᠲᠠᠪᠤᠨ ᠦᠵᠡᠮᠵᠢ ᠶᠢᠨ ᠤᠷᠤᠨ᠂ ᠬᠤᠶᠠᠷ ᠰᠠᠭᠤᠷᠢᠨ ᠭᠠᠵᠠᠷ ᠪᠤᠯ ᠲᠠᠷᠤᠢ ᠬᠠᠲᠤᠨ ᠭᠤᠣᠯ ᠤᠨ ᠵᠤᠭᠠᠴᠠᠯ ᠤᠨ ᠵᠢᠵᠢᠭ ᠪᠠᠯᠭᠠᠰᠤ᠂ ᠱᠸᠡᠨ ᠴᠢᠤᠸᠠᠨ | ᠦᠵᠡᠮᠵᠢ ᠶᠢᠨ ᠣᠷᠣᠨ᠂ ᠿᠦᠢ ᠸᠧ ᠠᠷᠢᠬᠢ᠂ ᠬᠠᠲᠤᠨ ᠭᠤᠣᠯ ᠤᠨ ᠵᠡᠭᠦᠳᠦ ᠵᠡᠷᠭᠡᠯᠭᠡᠨᠳᠦ ᠤᠰᠤᠨ ᠶᠢᠷᠲᠢᠨᠴᠦ᠂ ᠶᠡᠭᠡ ᠠᠮᠤᠷᠯᠢᠩᠭᠤᠶ ᠰᠦᠮ᠎ᠡ ᠵᠡᠷᠭᠡ | ᠲᠠᠪᠤᠨ ᠶᠡᠭᠡ ᠰᠢᠯᠢᠳᠡᠭ ᠦᠵᠡᠮᠵᠢ ᠶᠢᠨ ᠣᠷᠣᠨ ᠪᠤᠯᠤᠨ ᠲᠣᠭᠲᠠᠬᠤ ᠰᠢᠶᠠᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ᠂ ᠬᠤᠶᠢᠲᠤ ᠳᠠᠶᠢᠵᠢ | ᠬᠤᠪᠢᠰᠬᠠᠯ ᠤᠨ ᠬᠥᠮᠦᠵᠢᠯ ᠤᠨ ᠦᠵᠡᠰᠬᠦᠯᠡᠩ ᠪᠠ ᠨᠠᠮᠴᠢ ᠴᠢᠨᠠᠷ ᠤᠨ ᠬᠥᠮᠦᠵᠢᠯ ᠭᠡᠬᠦ ᠬᠤᠶᠠᠷ ᠲᠣᠮᠣ ᠬᠤᠪᠢᠰᠬᠠᠯ ᠤᠨ ᠰᠠᠭᠤᠷᠢᠨ ᠭᠠᠵᠠᠷ ᠢ ᠨᠠᠷᠢᠨ ᠨᠢᠮᠪᠠᠢ | ᠴᠢᠷᠮᠠᠶᠢᠨ ᠪᠦᠳᠦᠭᠡᠨ ᠪᠠᠶᠢᠭᠤᠯᠵᠤ᠂ ᠤᠯᠠᠨ ᠶᠠᠩᠵᠤ ᠶᠢᠨ᠂ ᠥᠪᠡᠷᠮᠢᠴᠡ ᠣᠨᠴᠠᠯᠢᠭ ᠲᠠᠢ᠂ ᠶᠠᠰᠤ ᠴᠢᠨᠠᠷ ᠦᠨᠳᠤᠷ ᠵᠤᠭᠠᠴᠠᠯ ᠤᠨ ᠦᠢᠯᠡᠳᠭᠦᠨ ᠤ | ᠰᠢᠰᠲ᠋ᠧᠮᠵᠢ ᠶᠢ ᠴᠢᠷᠮᠠᠶᠢᠨ ᠲᠦᠯᠦᠪᠵᠢᠭᠦᠯᠦᠨ ᠪᠠᠶᠢᠭᠤᠯᠬᠤ ᠶᠢ ᠵᠢᠭᠠᠨ᠎ᠠ᠃ | ᠡᠭᠦᠨ ᠤ ᠬᠠᠮᠲᠤ᠂ ᠮᠠᠨ ᠤ ᠰᠢᠶᠠᠨ ᠤᠯᠠᠨ ᠬᠡᠯᠪᠡᠷᠢ ᠮᠠᠶ᠋ᠢᠭ᠂ ᠤᠯᠡᠠ ᠲᠡᠰ ᠳᠠᠪᠬᠤᠷᠭ᠎ᠠ᠂ ᠣᠯᠠᠨ ᠬᠦᠷᠢᠶ᠎ᠡ ᠬᠡᠪᠴᠢᠶᠡᠨ ᠳᠠᠬᠢ ᠵᠤᠭᠠᠴᠠᠯ ᠤᠨ | ᠤᠬᠠᠭᠤᠯᠤᠨ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠤᠭᠠᠴᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠣᠶᠤᠨᠴᠢ ᠵᠤᠭᠠᠴᠠᠯ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠵᠣᠷᠯᠣᠩ ᠤᠨ ᠦᠭᠡᠷᠡᠴᠢᠯᠡᠯᠳᠡ︾ ᠢ ᠠᠬᠢᠭᠤᠯᠵᠤ᠂ | ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠵᠤᠭᠠᠴᠠᠭᠰᠠᠳ ᠲᠤ ᠲᠠᠭᠠᠯᠠᠮᠵᠢᠳᠠᠢ ᠤᠷᠴᠢᠨ ᠨᠦᠬᠦᠴᠡᠯ ᠢ ᠪᠦᠷᠢᠯᠳᠦᠭᠦᠯᠵᠦ ᠦᠭᠬᠦ ᠪᠠᠷ ᠴᠢᠮᠠᠶᠢᠨ ᠠᠵᠢᠯᠯᠠᠵᠤ ᠪᠠᠶᠢᠨ᠎ᠠ᠃ | ᠬᠥᠲᠥᠯᠥᠭᠴᠢ | ᠡᠨᠡ ᠵᠢᠯ᠂ ᠲᠣᠭᠲᠠᠬᠤ ᠰᠢᠶᠠᠨ ᠶᠠᠮᠠᠷ ᠶᠠᠮᠠᠷ ᠪᠤᠳᠠᠳᠤ ᠠᠵᠢᠯ ᠢ ᠲᠦᠯᠬᠢᠨ ᠠᠬᠢᠭᠤᠯᠤᠭᠰᠠᠨ ᠪᠤᠢ︖ | ᠲᠢᠶᠠᠨ ᠯᠢ ᠵᠢᠶᠦ᠋ᠨ | ᠡᠨᠡ ᠵᠢᠯ ᠪᠦᠬᠦ ᠰᠢᠶᠠᠨ ᠤ ᠬᠡᠪᠴᠢᠶᠡᠨ ᠳᠠᠬᠢ ᠰᠣᠶᠣᠯ ᠵᠤᠭᠠᠴᠠᠯ ᠤᠨ ᠠᠵᠢᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠰᠢᠭᠤᠯᠤᠭᠰᠠᠨ ᠪᠠᠶᠢᠨ᠎ᠠ᠂ | ᠪᠣᠳᠠᠲᠠᠶ ᠪᠠᠷ ᠬᠡᠯᠡᠪᠡᠯ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠪᠤᠯᠭᠠᠪᠠ᠄ | ᠨᠢᠭᠡ ᠳᠤ᠂ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠶᠢ ᠰᠡᠳᠬᠢᠯ ᠲᠠᠯᠪᠢᠨ ᠨᠠᠷᠢᠨ ᠨᠢᠮᠪᠠᠶ ᠪᠦᠳᠦᠭᠡᠨ ᠪᠠᠶᠢᠭᠤᠯᠵᠤ᠂ ᠪᠦᠬᠦ | ᠣᠷᠣᠨ ᠪᠦᠰᠡ ᠶᠢᠨ ᠬᠦᠴᠦᠷᠬᠡᠭ ᠵᠤᠭᠠᠴᠠᠯ ᠤᠨ ᠬᠥᠳᠡᠯᠭᠡᠬᠦ ᠬᠦᠴᠦᠨ ᠪᠤᠯᠭᠠᠨ ᠪᠠᠶᠢᠭᠤᠯᠪᠠ᠃ ᠪᠦᠬᠦ ᠣᠷᠣᠨ ᠪᠦᠰᠡ ᠶᠢᠨ ᠵᠤᠭᠠᠴᠠᠯ ᠴᠦ ᠲᠡᠷᠡ᠂ | ᠤᠯᠠᠮᠵᠢᠯᠠᠯᠲᠤ ᠵᠤᠭᠠᠴᠠᠯ ᠴᠦ ᠭᠡᠰᠡᠨ ᠦᠭᠡᠢ ᠵᠤᠭᠠᠴᠠᠯ ᠤᠨ ᠬᠠᠷᠠᠯᠲᠠᠲᠤ ᠣᠷᠣᠨ ᠢ ᠪᠦᠳᠦᠭᠡᠨ ᠪᠠᠶᠢᠭᠤᠯᠵᠤ᠂ ᠵᠤᠭᠠᠴᠠᠯ ᠤᠨ ᠮᠥᠩᠭᠦ ᠡᠳ᠋ ᠪᠣᠳᠠᠰ ᠢ ᠲᠠᠳᠠᠬᠤ | ᠪᠤᠯ ᠵᠤᠭᠠᠴᠠᠯ ᠤᠨ ᠦᠢᠯᠡᠰ ᠤᠨ ᠬᠤᠪᠢᠷᠠᠰᠢ ᠦᠭᠡᠢ ᠶᠣᠰᠣ ᠮᠥᠨ᠃ 2018 ᠣᠨ ᠳᠤ᠂ ᠪᠢᠳᠡ ᠬᠠᠳᠤᠨ ᠭᠤᠣᠯ ᠳᠠᠭᠠᠤ ᠵᠤᠭᠠᠴᠠᠨᠲ᠋ᠣᠭᠤᠷᠢᠬᠤ ᠠᠵᠤ | ᠠᠬᠤᠶ ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠪᠠ ᠪᠡᠯᠡ ᠮᠥᠩᠭᠦ | ᠲᠡᠮᠡᠴᠡᠨ ᠤᠯᠬᠤ ᠲᠠᠯ᠎ᠠ ᠪᠠᠷ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠲᠠᠢ ᠢᠮᠠᠭᠲᠠ ᠨᠢᠭᠲᠠ ᠤᠶᠠᠯᠳᠤᠭᠤᠯᠤᠨ᠂ ᠬᠠᠳᠤᠨ ᠭᠤᠣᠯ | ᠳᠠᠭᠠᠤ ᠵᠤᠭᠠᠴᠠᠯ ᠤᠨ ᠠᠵᠤ ᠠᠬᠤᠶ ᠶᠢᠨ ᠪᠦᠰᠡ ᠶᠢᠨ ᠦᠵᠡᠮᠵᠢ ᠶᠢᠨ ᠴᠡᠭ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠳᠡᠮᠵᠢᠵᠦ᠂ ᠲᠡᠭᠦᠨ ᠤ ᠪᠦᠬᠦ ᠣᠷᠣᠨ ᠪᠦᠰᠡ ᠶᠢᠨ ᠵᠤᠭᠠᠴᠠᠯ ᠲᠤᠮᠳᠠᠬᠢ ᠬᠥᠳᠡᠯᠭᠡᠭᠦᠷ ᠲᠠᠲᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠪᠠᠶᠢᠨ᠎ᠠ᠃ | ᠬᠤᠶᠠᠷ ᠲᠤ᠂ ᠲᠠᠪᠤᠨ ᠶᠡᠭᠡ ᠰᠢᠯᠢᠳᠡᠭ ᠦᠵᠡᠮᠵᠢ ᠶᠢᠨ ᠣᠷᠣᠨ ᠢ ᠢᠳᠡᠪᠬᠢᠲᠡᠶ ᠪᠠᠷ ᠪᠦᠲᠦᠭᠡᠨ ᠪᠠᠶᠢᠭᠤᠯᠵᠤ᠂ ᠪᠥᠬᠦ ᠣᠷᠣᠨ ᠪᠦᠰᠡ ᠶᠢᠨ | ᠵᠤᠭᠠᠴᠠᠯ ᠤᠨ ᠰᠢᠰᠲ᠋ᠧᠮᠵᠢ ᠳᠠᠬᠢ ᠰᠢᠨ᠎ᠡ ᠲᠤᠯᠭᠠᠭᠤᠷᠢ ᠬᠦᠴᠦᠨ ᠢ ᠬᠦᠴᠦᠯᠡᠨ ᠪᠠᠶᠢᠭᠤᠯᠪᠠ᠃ 2018 ᠣᠨ ᠳᠤ᠂ ᠪᠢᠳᠠ ᠱᠸᠡᠨ ᠴᠢᠦᠸᠠᠨ ᠠᠮᠢ | ᠠᠬᠤᠶ ᠶᠢᠨ ᠵᠢᠭᠤᠯᠴᠢᠯᠠᠯ ᠤᠨ ᠦᠵᠡᠮᠵᠢᠲᠦ ᠣᠷᠣᠨ ᠤ ᠤᠯᠤᠰ ᠤᠨ 5 A ᠲᠠᠰ ᠤᠨ ᠠᠯᠳᠠᠷᠲᠤ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠪᠠ | ᠦᠵᠡᠮᠵᠢ ᠶᠢᠨ ᠣᠷᠣᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠡᠮᠵᠢᠭᠰᠡᠨ ᠪᠠᠶᠢᠨ᠎ᠠ︔ ︽ᠠᠵᠤ | ᠦᠢᠯᠡᠳᠪᠦᠷᠢ + ᠵᠤᠭᠠᠴᠠᠯ︾ ᠠᠵᠤ ᠠᠬᠤᠶᠢᠯᠠᠯ ᠤᠨ ᠵᠤᠭᠠᠴᠠᠯ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠿᠦᠢ ᠸᠧ ᠦᠵᠦᠮ ᠤᠨ ᠠᠷᠢᠬᠢᠨ | ᠬᠦᠷᠢᠶᠡᠯᠡᠩ ᠪᠦᠬᠦ ᠬᠤᠲᠠ ᠶᠢᠨ ᠠᠵᠤ ᠦᠢᠯᠡᠳᠪᠦᠷᠢ ᠶᠢᠨ ᠵᠤᠭᠠᠴᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠤᠷᠤᠪᠠ︔ ᠬᠠᠲᠤᠨ | ᠭᠤᠣᠯ ᠤᠨ ᠵᠡᠭᠦᠳᠦ ᠵᠡᠷᠭᠡᠯᠭᠡᠨᠳᠦ ᠤᠰᠤᠨ ᠶᠢᠷᠳᠢᠨᠴᠦ ᠶᠢᠨ ᠤᠰᠤᠨ ᠴᠡᠩᠭᠡᠯ ᠤᠨ ᠲᠦᠷᠦᠯ ᠵᠦᠢᠯ ᠪᠠ ᠶᠡᠭᠡ ᠠᠮᠤᠷᠯᠢᠩᠭᠤᠶ ᠰᠦᠮ᠎ᠡ ᠦᠵᠡᠮᠵᠢ ᠶᠢᠨ ᠣᠷᠣᠨ ᠤ | ᠲᠡᠦᠬᠡ ᠰᠣᠶᠣᠯ ᠵᠤᠭᠠᠴᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠡᠰᠢᠲᠦ ᠵᠤᠭᠠᠴᠠᠯ ᠤᠨ ᠦᠢᠯᠡᠳᠬᠦᠨ ᠢᠶᠠᠷ ᠵᠤᠭᠠᠴᠠᠯ ᠤᠨ ᠵᠤᠷᠢᠯᠭ᠎ᠠ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠠᠶᠢᠴᠢᠯᠠᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ ᠮᠥᠩᠭᠦ ᠪᠠ ᠲᠥᠷᠥᠯ ᠵᠦᠢᠯ | ᠲᠠᠨᠢᠯᠴᠠᠭᠤᠯᠬᠤ ᠵᠡᠷᠭᠡ ᠠᠷᠭ᠎ᠠ ᠵᠠᠮ ᠢ ᠠᠰᠢᠭᠯᠠᠨ ᠪᠡᠯᠡ ᠮᠦᠩᠭᠦ ᠲᠡᠮᠡᠴᠡᠨ ᠤᠯᠵᠤ᠂ ᠬᠠᠲᠤᠨ ᠭᠤᠣᠯ ᠤᠨ ᠵᠤᠭᠠᠴᠠᠯ ᠤᠨ ᠵᠢᠵᠢᠭ ᠪᠠᠯᠭᠠᠰᠤ᠂ ᠬᠠᠲᠤᠨ | ᠭᠤᠤᠯ ᠤᠨ ᠨᠤᠭᠤ ᠭᠠᠵᠠᠷ ᠤᠨ ᠴᠡᠴᠡᠷᠯᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠢᠯᠢᠳᠡᠭ ᠦᠵᠡᠮᠵᠢᠲᠦ ᠣᠷᠣᠨ ᠤ ᠪᠦᠳᠦᠭᠡᠨ | ᠪᠠᠶᠢᠭᠤᠯᠤᠯᠲᠠ ᠪᠠᠷ ᠳᠠᠮᠵᠢᠭᠤᠯᠤᠨ᠂ ᠰᠣᠳᠣᠨ ᠵᠤᠭᠠᠴᠠᠯ ᠤᠨ ᠱᠤᠭᠤᠮ ᠢ ᠠᠯᠬᠤᠮ ᠠᠯᠬᠤᠮ ᠢᠶᠠᠷ ᠪᠤᠢ ᠪᠣᠯᠭᠠᠵᠤ᠂ ᠪᠦᠬᠦ ᠣᠷᠣᠨ ᠪᠦᠰᠡ ᠶᠢᠨ ᠵᠤᠭᠠᠴᠠᠯ ᠤᠨ | ᠲᠤᠯᠭᠠᠭᠤᠷᠢᠯᠠᠬᠤ ᠰᠢᠰᠲ᠋ᠧᠮᠵᠢ ᠶᠢ ᠪᠦᠷᠢᠯᠳᠤᠭᠦᠯᠦᠨ᠎ᠡ᠃ | ᠭᠤᠷᠪᠠ ᠳᠤ᠂ ︽ᠲᠠᠷᠢᠶᠠᠴᠢᠨ ᠠᠶᠢᠯ ᠤᠨ ᠪᠠᠶᠠᠰᠤᠯ︾ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠴᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠬᠥᠳᠡᠯᠭᠡᠬᠦ ᠬᠦᠴᠦᠨ ᠪᠤᠯᠭᠠᠨ ᠪᠤᠶᠢᠵᠢᠭᠤᠯᠤᠨ᠎ᠠ᠃ 2018 | ᠣᠨ ᠳᠤ᠂ ᠮᠠᠨ ᠤ ᠰᠢᠶᠠᠨ ᠲᠠᠷᠢᠶᠠᠴᠢᠨ ᠠᠶᠢᠯ ᠤᠨ ᠪᠠᠶᠠᠰᠤᠯ᠂ ᠠᠷᠠᠳ ᠤᠨ ᠰᠠᠭᠤᠴᠠ ᠶᠢᠨ ᠵᠤᠭᠠᠴᠠᠯ ᠪᠠ ᠲᠠᠷᠢᠶᠠᠯᠠᠩ ᠤᠨ ᠶᠡᠷᠦᠩᠬᠡᠶᠢᠯᠡᠭᠰᠡᠨ ᠴᠤᠭᠴᠠᠳᠤ | ᠬᠥᠳᠡᠭᠡ ᠲᠣᠰᠬᠤᠨ ᠤ ᠵᠤᠭᠠᠴᠠᠯ ᠢ ᠭᠦᠨᠵᠡᠭᠡᠶᠢᠷᠡᠨ ᠬᠦᠭᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠠᠵᠢᠯ ᠢ ᠭᠦᠨᠵᠡᠭᠡᠶ | ᠥᠷᠨᠢᠭᠦᠯᠵᠦ᠂ ᠲᠡᠳᠬᠦᠨ ᠳᠡᠮᠵᠢᠬᠦ ᠪᠠ ᠬᠥᠲᠥᠯᠥᠨ ᠵᠢᠯᠣᠭᠤᠳᠴᠤ᠂ ᠱᠸᠡᠨ ᠴᠢᠦᠸᠠᠨ ᠵᠤᠰᠠᠯᠠᠩ᠂ ᠲᠢᠶᠠᠨ ᠶᠦᠸᠠᠨ ᠢ ᠫᠢᠨ᠂ ᠬᠠᠲᠤᠨ ᠭᠤᠣᠯ ᠲᠤᠮᠤ | ᠪᠠᠭᠤᠳᠠᠯ᠂ ᠮᠧᠢ ᠶᠤᠸᠠᠨ ᠵᠢᠭᠠᠰᠤᠨ ᠦᠢᠯᠡᠰ ᠵᠡᠷᠭᠡ ᠲᠠᠷᠢᠶᠠᠴᠢᠨ ᠠᠶᠢᠯ ᠤᠨ ᠪᠠᠶᠠᠰᠤᠯ ᠵᠡᠷᠭᠡ ᠬᠥᠳᠡᠭᠡ ᠲᠣᠰᠬᠤᠨ ᠤ ᠵᠣᠴᠢᠯᠠᠬᠤ ᠡᠷᠦᠬᠡ ᠢ ᠳᠡᠰ | ᠲᠡᠪᠰᠢᠭᠦᠯᠦᠨ ᠦᠷᠭᠡᠳᠭᠡᠪᠡ᠃ ᠡᠨᠡ ᠵᠢᠯ ᠠᠩᠬᠠᠳᠤᠭᠠᠷ ᠬᠤᠭᠤᠴᠠᠭᠠᠨ ᠤ ᠬᠠᠲᠤᠨ ᠭᠤᠣᠯ ᠤᠨ ᠭᠡᠰᠤᠯᠳᠠ ᠵᠢᠭᠠᠰᠤᠨ ᠨᠠᠶᠢᠷ ᠢ ᠠᠮᠵᠢᠯᠲᠠ ᠲᠠᠢ ᠡᠷᠬᠢᠯᠡᠭᠰᠡᠨ | ᠰᠠᠭᠤᠷᠢᠨ ᠳᠡᠭᠡᠷ᠎ᠡ᠂ ᠬᠠᠲᠤᠨ ᠭᠤᠤᠯ ᠤᠨ ᠨᠤᠭᠤ ᠭᠠᠵᠠᠷ ᠤᠨ ᠵᠤᠭᠠᠴᠠᠯ ᠤᠨ ᠢᠳᠡᠭᠡᠨ ᠤᠮᠳᠠᠭᠠᠨ ᠤ ᠨᠡᠶᠢᠭᠡᠮᠯᠢᠭ ᠤᠨ ᠦᠢᠯᠡᠳᠦᠯ ᠢ ᠦᠷᠭᠦᠯᠵᠢᠯᠡᠨ ᠰᠠᠶᠢᠲᠤᠷ | ᠪᠠᠳᠠᠷᠠᠭᠤᠯᠵᠤ᠂ ︽ᠲᠠᠷᠢᠶᠠᠴᠢᠨ ᠠᠶᠢᠯ ᠤᠨ ᠪᠠᠶᠠᠰᠤᠯ︾ ᠬᠥᠳᠡᠭᠡ ᠲᠣᠰᠬᠤᠨ ᠤ ᠵᠣᠴᠢᠯᠠᠬᠤ ᠡᠷᠦᠬᠡ ᠶᠢᠨ ᠬᠠᠲᠤᠨ ᠭᠤᠣᠯ ᠤᠨ ᠰᠣᠶᠣᠯ ᠵᠤᠭᠠᠴᠠᠯ ᠤᠨ | ᠨᠠᠶᠢᠷ᠂ ᠡᠪᠦᠯ ᠤᠨ ᠵᠢᠭᠠᠰᠤ ᠠᠩᠨᠠᠬᠤ ᠨᠠᠶᠢᠷ ᠵᠡᠷᠭᠡ ᠤᠯᠠᠨ ᠲᠦᠮᠡᠨᠴᠢ ᠴᠢᠨᠠᠷᠲᠠᠶ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠪᠠᠳᠠᠷᠠᠭᠤᠯᠵᠤ ᠪᠠᠶᠢᠨ᠎ᠠ᠃ | ᠡᠭᠦᠨ ᠤ ᠬᠠᠮᠲᠤ᠂ ᠡᠯ᠎ᠡ ᠵᠦᠢᠯ ᠤᠨ ᠵᠠᠭᠤᠯᠴᠢᠯᠠᠭᠤᠷ ᠢ ᠠᠰᠢᠭᠯᠠᠨ ᠪᠦᠬᠦ ᠲᠠᠯ᠎ᠠ ᠪᠠᠷ᠂ ᠤᠯᠠᠨ ᠬᠡᠯᠪᠡᠷᠢ ᠪᠠᠷ ᠲᠣᠭᠲᠠᠬᠤ ᠵᠤᠭᠠᠴᠠᠯ ᠤᠨ ᠬᠦᠳᠡᠯᠭᠡᠭᠡᠨ ᠤ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠨ᠂ | ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ ᠪᠠᠶᠢᠨ᠎ᠠ᠃ | ᠲᠦᠷᠪᠡ ᠳᠤ᠂ ᠵᠤᠭᠠᠴᠠᠯ ᠤᠨ ᠲᠦᠷᠦᠯ ᠵᠦᠢᠯ ᠪᠤᠯᠤᠨ ᠵᠦᠷᠢᠶᠡᠴᠢᠯᠡᠭᠰᠡᠨ ᠵᠤᠭᠠᠴᠠᠯ ᠤᠨ ᠦᠢᠯᠡᠳᠬᠦᠨ ᠢ ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ | ᠰᠣᠶᠣᠯ ᠵᠤᠭᠠᠴᠠᠯ ᠤᠨ ᠰᠢᠨ᠎ᠡ ᠪᠠᠶᠢᠳᠠᠯ ᠢ ᠬᠦᠴᠦ ᠲᠠᠯᠪᠢᠨ ᠦᠷᠭᠡᠳᠭᠡᠪᠡ᠃ 2018 ᠣᠨ ᠳᠤ᠂ ᠪᠢᠳᠠ ᠬᠤᠶᠢᠲᠤ ᠳᠠᠶᠢᠵᠢ ᠬᠤᠪᠢᠰᠬᠠᠯ ᠤᠨ ᠰᠤᠷᠭᠠᠨ | ᠬᠥᠮᠦᠵᠢᠯ ᠤᠨ ᠵᠤᠭᠠᠴᠠᠯ ᠤᠨ ᠲᠦᠷᠦᠯ ᠵᠦᠢᠯ ᠤᠨ ᠳᠡᠯᠭᠡᠨ ᠦᠵᠡᠭᠦᠯᠦᠯᠭᠡ ᠶᠢᠨ ᠲᠠᠯᠠᠪᠠᠢ ᠶᠢ ᠥᠷᠭᠡᠳᠬᠡᠵᠦ᠂ ᠨᠠᠮ ᠤᠨ ᠬᠦᠰᠡᠯᠡᠩ ᠢᠲᠡᠭᠡᠯ ᠪᠢᠰᠢᠷᠡᠯ ᠤᠨ | ᠬᠥᠮᠦᠵᠢᠯ ᠪᠠ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠭᠤᠯᠬᠤ ᠬᠡᠷᠡᠭᠳᠡᠢ︔ ᠿᠦᠢ ᠸᠧ ᠦᠵᠦᠮ ᠤᠨ ᠠᠷᠢᠬᠢ᠂ ᠶᠦᠨ ᠵᠦᠩ | ᠠᠷᠢᠬᠢᠨ ᠦᠢᠯᠡᠰ ᠤᠨ ᠺᠣᠮᠫᠠᠨᠢ ᠳᠤ ᠲᠦᠰᠢᠭᠯᠡᠨ᠂ ᠠᠵᠤ ᠦᠢᠯᠡᠳᠪᠦᠷᠢ ᠶᠢᠨ ᠵᠤᠭᠠᠴᠠᠯ ᠤᠨ ᠲᠥᠷᠥᠯ ᠵᠦᠢᠯ ᠢ ᠭᠦᠨᠵᠡᠭᠡᠶᠢᠷᠡᠭᠦᠯᠦᠨ᠎ᠡ︔ ᠲᠤᠬᠠᠶ ᠶᠢᠨ | ᠭᠠᠵᠠᠷ ᠲᠤᠨᠢ ᠲᠣᠬᠢᠷᠠᠭᠤᠯᠤᠨ ᠮᠥᠰᠥ ᠴᠠᠰᠤᠨ ᠲᠠᠮᠢᠷ ᠤᠨ ᠵᠤᠭᠠᠴᠠᠯ ᠤᠨ ᠦᠢᠯᠡᠳᠭᠦᠨ ᠢ ᠴᠢᠷᠮᠠᠶᠢᠨ ᠨᠡᠭᠡᠭᠡᠨ ᠬᠥᠭᠵᠢᠭᠦᠯᠵᠦ ᠂ ᠮᠥᠰᠥ ᠴᠠᠰᠤᠨ ᠤ ᠲᠠᠮᠢᠷ | ᠪᠠ ᠠᠷᠠᠳ ᠤᠨ ᠵᠠᠩ ᠦᠢᠯᠡ ᠲᠠᠢ ᠬᠠᠶᠢᠨ ᠰᠦᠪᠡᠭᠴᠢᠯᠡᠵᠦ᠂ ᠮᠥᠰᠥ ᠴᠠᠰᠤ ᠶᠢᠨ ᠲᠠᠮᠢᠷ ᠪᠤᠯᠤᠨ ᠰᠤᠯᠠ ᠰᠡᠯᠡᠭᠦᠦ ᠵᠤᠭᠠᠴᠠᠯ ᠲᠠᠢ ᠬᠠᠷᠢᠯᠴᠠᠨ | ᠤᠶᠠᠯᠳᠤᠭᠤᠯᠬᠤ᠂ ᠡᠪᠦᠯ ᠤᠨ ᠤᠯᠠᠷᠢᠯ ᠳᠤ ᠵᠢᠭᠠᠰᠤ ᠠᠩᠨᠠᠬᠤ ᠨᠠᠶᠢᠷ ᠵᠡᠷᠭᠡ ᠵᠤᠭᠠᠴᠠᠯ ᠤᠨ ᠵᠦᠢᠯᠡᠰ ᠢ ᠵᠤᠬᠢᠶᠠᠨ ᠪᠠᠶᠢᠭᠤᠯᠤᠨ᠎ᠠ︔ ᠥᠪᠡᠷᠲᠡᠭᠡᠨ ᠵᠠᠰᠠᠬᠤ | ᠣᠷᠣᠨ ᠤ ᠵᠤᠭᠠᠴᠠᠯ ᠤᠨ ᠬᠥᠭᠵᠢᠭᠦᠯᠦᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠪᠠ ᠬᠡᠷᠡᠭᠯᠡᠬᠦ ᠶᠢ ᠰᠠᠶᠢᠲᠤᠷ ᠠᠳᠬᠤᠬᠤ ᠬᠡᠷᠡᠭᠳᠡᠢ︔ | ︽ᠵᠣᠷᠯᠣᠩ ᠤᠨ ᠦᠭᠡᠷᠡᠴᠢᠯᠡᠯᠳᠡ︾ ᠲᠠᠢ ᠤᠶᠠᠯᠳᠤᠭᠤᠯᠤᠨ᠂ ᠰᠢᠨ᠎ᠡ ᠭᠤᠷᠪᠠᠨ ᠵᠢᠯ ︵2018 - 2020︶ ᠤᠨ ᠲᠥᠯᠥᠪᠯᠡᠭᠡ ᠲᠤᠭᠳᠠᠭᠠᠨ᠂ ᠮᠠᠨ ᠤ | ᠰᠢᠶᠠᠨ ᠤ ᠵᠤᠭᠠᠴᠠᠯ ᠤᠨ ᠤᠷᠤᠨ ᠤ ᠵᠣᠷᠯᠣᠩ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠯᠬᠤᠮ ᠢᠶᠠᠨ ᠲᠦᠭᠡᠳᠭᠡᠨᠡ᠃ | ᠲᠢᠶᠠᠨ ᠯᠢ ᠵᠢᠶᠦ᠋ᠨ | ᠰᠦᠯᠵᠢᠶᠡᠨ ᠤ ᠠᠨᠳᠠ ᠨᠠᠷ ᠤᠨ ︽ᠲᠣᠭᠲᠠᠬᠤ ᠰᠢᠶᠠᠨ ᠤ ᠬᠥᠮᠦᠨ︾ ᠭᠡᠬᠦ ᠠᠰᠠᠭᠤᠳᠠᠯ ᠤᠨ ᠲᠤᠬᠠᠢ᠂ ᠥᠨᠥ ᠮᠠᠨ ᠤ ᠰᠢᠶᠠᠨ ᠤ ᠬᠢᠨ ᠪᠦᠬᠦ | ᠣᠷᠣᠨ ᠪᠦᠰᠡ ᠶᠢᠨ ᠵᠤᠭᠠᠴᠠᠯ ᠤᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ ᠪᠦᠬᠦ ᠣᠷᠣᠨ ᠪᠦᠰᠡ ᠶᠢᠨ | ᠵᠤᠭᠠᠴᠠᠯ ᠤᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠢᠭᠡᠳᠦᠯᠲᠡᠶ ᠬᠠᠮᠵᠢᠯᠴᠠᠬᠤ ᠠᠵᠢᠯ ᠤᠨ | ᠲᠣᠭᠲᠠᠴᠠ ᠶᠢ ᠪᠦᠷᠢᠯᠳᠦᠭᠦᠯᠦᠭᠰᠡᠨ ᠪᠠᠶᠢᠨ᠎ᠠ᠃ ︽ᠲᠣᠭᠲᠠᠬᠤ ᠰᠢᠶᠠᠨ ᠤ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶᠡᠴᠢ ᠣᠷᠣᠨ ᠢ | ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠲᠤᠭᠳᠠᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ | ᠡᠭᠦᠷᠭᠡ᠂ ᠠᠵᠢᠯ ᠤᠨ ᠭᠤᠣᠯᠳᠠᠯᠭ᠎ᠠ᠂ ᠪᠠᠳᠤᠯᠭᠠᠨ ᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶᠡᠴᠢ | ᠣᠷᠣᠨ ᠢ ᠪᠠᠶᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠳᠦᠭᠦᠯᠦᠨ ᠠᠬᠢᠭᠤᠯᠤᠭᠰᠠᠨ ᠪᠠᠶᠢᠨ᠎ᠠ᠃ ︽ᠪᠥᠬᠦ ᠤᠷᠤᠨ ᠪᠦᠰᠡ ᠶᠢᠨ ᠵᠤᠭᠠᠴᠠᠯ︾ ᠢ | ᠡᠭᠦᠳᠦᠨ ᠪᠠᠶᠢᠭᠤᠯᠬᠤ ᠪᠠᠷ ᠭᠠᠷᠲᠠᠴᠠ ᠪᠣᠯᠭᠠᠨ᠂ ︽ᠵᠤᠭᠠᠴᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠰᠣᠶᠣᠯ ᠵᠤᠭᠠᠴᠠᠯ ᠤᠨ | ᠦᠢᠯᠡᠰ ᠤᠨ ᠲᠠᠲᠠᠬᠤ ᠬᠦᠴᠦᠨ᠂ ᠠᠭᠤᠰᠤᠯᠳᠤᠯ ᠢ ᠲᠦᠷᠭᠡᠳᠬᠡᠬᠦ᠂ ᠬᠤᠷᠠᠭᠤᠯᠬᠤ ᠦᠢᠯᠡᠳᠦᠯ ᠢ ᠴᠢᠬᠤᠯᠠᠴᠢᠯᠠᠵᠤ᠂ ᠵᠤᠭᠠᠴᠠᠯ ᠤᠨ ᠦᠢᠯᠡᠰ ᠪᠣᠯᠤᠨ ᠪᠤᠰᠤᠳ | ᠠᠵᠤ ᠦᠢᠯᠡᠰ ᠤᠨ ᠠᠭᠤᠰᠤᠯᠴᠠᠨ ᠬᠥᠭᠵᠢᠬᠦ᠂ ᠬᠠᠮᠲᠤ ᠪᠠᠷ ᠣᠷᠣᠰᠢᠵᠤ ᠬᠠᠮᠲᠤ ᠪᠠᠷ ᠠᠯᠳᠠᠷᠰᠢᠬᠤ ᠶᠢ ᠠᠬᠢᠭᠤᠯᠵᠤ᠂ ᠪᠦᠬᠦ ᠣᠷᠣᠨ ᠪᠦᠰᠡᠵᠢᠯᠲᠡ | ᠵᠤᠭᠠᠴᠠᠯ ᠤᠨ ᠦᠢᠯᠡᠳᠬᠦᠨ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠪᠦᠷᠢᠯᠳᠦᠨ᠂ ᠮᠠᠨ ᠤ ᠰᠢᠶᠠᠨ ᠤ ᠵᠤᠭᠠᠴᠠᠯ ᠤᠨ ᠠᠵᠤ ᠦᠢᠯᠡᠰ ᠤᠨ ︽ᠦᠵᠡᠮᠵᠢ ᠶᠢᠨ | ᠴᠢᠭ ᠤᠨ ᠵᠤᠭᠠᠴᠠᠯ︾ ᠠᠴᠠ ︽ᠪᠥᠬᠦ ᠤᠷᠤᠨ ᠪᠦᠰᠡ ᠶᠢᠨ ᠵᠤᠭᠠᠴᠠᠯ︾ ᠵᠦᠭ ᠬᠤᠪᠢᠷᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠰᠣᠶᠣᠯ | ᠵᠤᠭᠠᠴᠠᠯ ᠤᠨ ᠦᠢᠯᠡᠰ ᠢ ᠪᠦᠬᠦ ᠰᠢᠶᠠᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠭᠠᠨ ᠴᠢᠷᠮᠠᠶᠢᠨ ᠪᠥᠲᠥᠭᠡᠨ ᠪᠠᠶᠢᠭᠤᠯᠤᠨ᠎ᠠ | ᠃ | ᠲᠦᠶᠠᠨ ᠯᠢ ᠵᠢᠶᠦ᠋ᠨ | ᠰᠦᠯᠵᠢᠶᠡᠨ ᠤ ᠠᠨᠳᠠᠨᠠᠷ ᠤᠨ ︽ᠵᠤᠭᠠᠴᠠᠯ︾ ᠤᠨ ᠠᠰᠠᠭᠤᠳᠠᠯ ᠤᠨ ᠲᠤᠬᠠᠶ᠂ ᠲᠤᠭᠳᠠᠬᠤ ᠶᠢᠨ ᠲᠡᠦᠬᠡ ᠂ ᠬᠥᠮᠥᠡᠯᠢᠭ᠂ ᠠᠮᠢ ᠠᠬᠤᠢ ᠪᠣᠯᠤᠨ | ᠥᠪᠡᠷᠮᠢᠴᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠶᠢ ᠭᠦᠨ ᠠᠭᠤᠳᠠᠯᠠᠬᠤ ᠪᠠᠷ ᠳᠠᠮᠵᠢᠭᠤᠯᠤᠨ ᠣᠳᠣᠬᠠᠨ ᠤ ᠮᠠᠨ ᠤ ᠰᠢᠶᠠᠨ ᠤ | ᠵᠤᠭᠠᠴᠠᠯ ᠬᠢᠭᠡᠳ ᠲᠡᠦᠬᠡ ᠰᠣᠶᠣᠯ᠂ ᠵᠤᠭ᠎ᠠ ᠴᠡᠩᠭᠡᠯ ᠤᠨ ᠲᠠᠷᠢᠶᠠᠯᠠᠩ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠠᠷᠠᠯᠵᠢᠶ᠎ᠠ ᠬᠤᠳᠠᠯᠳᠤᠭ᠎ᠠ ᠭᠦᠢᠯᠭᠡᠭᠡ᠂ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠠᠢ᠃ | ︽ᠵᠤᠭᠠᠴᠠᠯ + ᠰᠣᠶᠣᠯ︾ ᠲᠠᠯ᠎ᠠ ᠪᠠᠷ᠂ ᠲᠣᠭᠲᠠᠬᠤ ᠶᠢᠨ ᠲᠡᠦᠬᠡ ᠰᠣᠶᠣᠯ᠂ ᠬᠠᠳᠦᠠ ᠭᠤᠣᠯ ᠤᠨ ᠰᠣᠶᠣᠯ ᠪᠣᠯᠤᠨ ᠮᠣᠩᠭᠤᠯ ᠶᠤᠸᠠᠨ ᠤ | ᠰᠣᠶᠣᠯ ᠳᠤ ᠲᠦᠰᠢᠭᠯᠡᠨ᠂ ᠶᠦᠨ ᠵᠥᠩ ᠵᠢᠶᠦ᠋ᠨ ᠬᠠᠭᠤᠴᠢᠨ ᠬᠤᠲᠠ᠂ ᠳ᠋ᠦᠩᠱᠧᠩ ᠸᠧᠢ ᠬᠠᠭᠤᠴᠢᠨ ᠬᠤᠲᠠ ᠶᠢᠨ ᠬᠠᠮᠠᠭᠠᠯᠠᠨ ᠨᠡᠭᠡᠭᠡᠨ ᠬᠦᠭᠵᠢᠭᠦᠯᠬᠦ ᠶᠢ | ᠴᠢᠩᠭᠠᠳᠬᠠᠵᠤ᠂ ᠬᠠᠶᠢᠯᠠᠰᠤᠨ ᠪᠤᠯᠠᠭ ᠰᠣᠶᠣᠯ᠂ ᠡᠷᠳᠡᠮᠲᠡᠨ ᠮᠡᠷᠭᠡᠳ ᠰᠣᠶᠣᠯ ᠢ ᠭᠦᠨᠵᠡᠭᠡᠶ ᠠᠭᠤᠳᠠᠯᠵᠤ᠂ ᠲᠣᠭᠲᠠᠬᠤ ᠶᠢᠨ ᠦᠯᠢᠭᠡᠷ ᠲᠡᠤᠬᠡ ᠶᠢ ᠰᠤᠳᠤᠯᠤᠨ | ᠰᠢᠨᠵᠢᠯᠡᠵᠤ ᠂ ᠰᠣᠶᠣᠯ ᠵᠤᠭᠠᠴᠠᠯ ᠤᠨ ᠬᠠᠮᠢᠶ᠎ᠠ ᠪᠥᠬᠦᠶ ᠳᠦᠬᠦᠷᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠤᠭᠠᠴᠠᠭᠰᠠᠳ ᠲᠤ ᠲᠣᠭᠲᠠᠬᠤ ᠶᠢᠨ | ᠣᠷᠣᠨ ᠨᠤᠲᠤᠭ ᠤᠨ ᠰᠣᠶᠣᠯ ᠢ ᠭᠦᠨᠵᠡᠭᠡᠶ ᠤᠶᠢᠯᠠᠭᠠᠬᠤ ᠲᠠᠯᠠᠪᠤᠷ ᠪᠤᠯᠤᠨ ᠠᠴᠢᠶᠠᠯᠠᠭᠴᠢ ᠬᠠᠩᠭᠠᠵᠤ ᠦᠭᠭᠦᠨ᠎ᠡ᠃ ᠰᠣᠶᠣᠯ ᠤᠨ ᠴᠡᠴᠡᠭᠯᠡᠯ ᠬᠥᠭᠵᠢᠯ ᠢᠶᠠᠷ | ᠵᠤᠭᠠᠴᠠᠯ ᠤᠨ ᠦᠢᠯᠡᠰ ᠤᠨ ᠦᠷᠭᠦᠯᠵᠢᠯᠡᠨ ᠬᠥᠭᠵᠢᠭᠦᠯᠬᠦ ᠬᠥᠳᠡᠯᠭᠡᠭᠴᠢ ᠬᠦᠴᠦᠨ ᠢ ᠨᠡᠮᠡᠷᠢᠯᠡᠵᠤ᠂ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠤᠨ | ᠳᠠᠪᠠᠭᠤᠯᠢᠭ ᠠᠴᠠ ᠥᠷᠢᠰᠥᠯᠳᠦᠭᠡᠨ ᠤ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ᠃ | ︽ᠵᠤᠭᠠᠴᠠᠯ + ᠲᠠᠷᠢᠶᠠᠯᠠᠩ︾ ᠤᠨ ᠲᠠᠯ᠎ᠠ ᠪᠠᠷ᠂ ᠬᠠᠲᠤᠨ ᠭᠤᠣᠯ ᠳᠠᠭᠠᠤ ᠣᠷᠣᠨ ᠤ ᠥᠪᠡᠷᠮᠢᠴᠡ ᠠᠭᠤᠷ ᠠᠮᠢᠰᠬᠤᠯ ᠤᠨ ᠨᠥᠬᠦᠴᠡᠯ ᠪᠠ ᠬᠥᠷᠰᠢ | ᠵᠡᠷᠭᠡᠯᠡᠳᠡᠭᠡ ᠣᠷᠣᠨ ᠤ ᠵᠤᠭᠠᠴᠠᠨ ᠲᠤᠭᠤᠷᠢᠬᠤ ᠳᠠᠪᠠᠭᠤᠯᠢᠭ ᠢ ᠠᠰᠢᠭᠯᠠᠨ᠂ ᠦᠵᠦᠮ ᠤᠨ ᠲᠠᠷᠢᠮᠠᠯ ᠪᠣᠯᠤᠨ ᠤᠰᠤᠨ ᠭᠠᠷᠤᠯᠲᠠ ᠶᠢᠨ ᠲᠡᠵᠢᠭᠡᠨ | ᠦᠷᠡᠵᠢᠭᠦᠯᠬᠦ ᠪᠠᠷ ᠭᠤᠣᠯ ᠪᠣᠯᠭᠠᠭᠰᠠᠨ ᠲᠠᠷᠢᠬᠤ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠤᠬᠠᠶ ᠶᠢᠨ ᠭᠠᠵᠠᠷ ᠤᠨ ᠭᠠᠴᠠᠭ᠎ᠠ | ᠲᠤᠰᠬᠤᠨ ᠤ ᠠᠷᠠᠳ ᠤᠨ ᠬᠥᠮᠦᠨ ᠪᠦᠷᠢ ᠶᠢᠨ ᠳᠤᠮᠳᠠᠴᠢ ᠶᠢᠨ ᠣᠷᠣᠯᠭ᠎ᠠ 2 ᠲᠦᠮᠡᠨ ᠲᠥᠭᠦᠷᠢᠭ ᠠᠴᠠ ᠳᠠᠪᠠᠵᠤ ᠪᠣᠶ᠃ ᠡᠭᠦᠨ ᠤ ᠬᠠᠮᠲᠤ᠂ ᠵᠤᠭᠠᠴᠠᠨ | ᠲᠣᠭᠤᠷᠢᠬᠤ᠂ ᠦᠵᠦᠮ ᠲᠡᠷᠢᠮᠡᠯ᠂ ᠦᠵᠦᠮ ᠤᠨ ᠠᠷᠢᠬᠢ ᠨᠡᠷᠡᠬᠦ ᠪᠠᠷ ᠨᠢᠭᠡ ᠴᠣᠭᠴᠠ ᠪᠣᠯᠭᠠᠭᠰᠠᠨ ᠷᠦᠢ ᠸᠧ ᠦᠵᠦᠮ ᠤᠨ ᠠᠷᠢᠬᠢᠨ ᠬᠦᠷᠢᠶᠡᠯᠡᠩ᠂ ᠬᠥᠳᠡᠭᠡ | ᠨᠤᠲᠤᠭ ᠤᠨ ᠲᠠᠷᠢᠶᠠᠯᠠᠩ᠂ ᠰᠡᠯᠡᠭᠦᠴᠡᠯ᠂ ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠢᠶᠠᠷ ᠨᠢᠭᠡ ᠴᠣᠭᠴᠠ ᠪᠣᠯᠭᠠᠭᠰᠠᠨ ᠶᠦᠨ ᠵᠦᠩ ᠲᠠᠷᠢᠶᠠᠯᠠᠩ ᠤᠨ | ᠶᠡᠷᠦᠩᠬᠡᠶᠢᠯᠡᠭᠰᠡᠨ ᠴᠤᠭᠴᠠ ᠨᠢ ᠵᠤᠭᠠᠴᠠᠯ ᠬᠢᠭᠡᠳ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠭᠤᠰᠤᠯᠴᠠᠨ ᠬᠥᠭᠵᠢᠬᠦ ᠰᠢᠨ᠎ᠡ ᠵᠠᠮ ᠢ | ᠨᠡᠭᠡᠭᠡᠭᠰᠡᠨ ᠪᠠᠶᠢᠨ᠎ᠠ᠃ | ︽ᠵᠤᠭᠠᠴᠠᠯ + ᠠᠷᠠᠯᠵᠢᠶ᠎ᠠ︾ ᠶᠢᠨ ᠲᠠᠯ᠎ᠠ ᠪᠠᠷ᠂ ᠲᠣᠮᠣ ᠳ᠋ᠠᠶᠢᠲ᠋ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠲᠣᠭᠲᠠᠬᠤ ᠬᠥᠳᠡᠭᠡ ᠲᠣᠰᠬᠤᠨ᠂ ᠵᠢᠶᠠ ᠹᠧᠩ | ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠦᠵᠡᠮᠵᠢ ᠶᠢᠨ ᠤᠬᠠᠭᠤᠯᠭ᠎ᠠ᠂ ᠣᠨᠴᠠᠯᠢᠭ ᠪᠦᠬᠦᠢ ᠲᠠᠷᠢᠶᠠᠯᠠᠩ ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠬᠤ᠂ ᠥᠪᠡᠷᠮᠢᠴᠡ | ᠣᠨᠴᠠᠯᠢᠭ ᠲᠠᠢ ᠵᠤᠭᠠᠴᠠᠯ ᠤᠨ ᠱᠤᠭᠤᠮ ᠢ ᠲᠠᠨᠢᠯᠴᠠᠭᠤᠯᠵᠤ ᠵᠡᠷᠭᠡ ᠳᠠᠪᠠᠭᠤᠯᠢᠭ ᠡᠬᠢ ᠪᠠᠶᠠᠯᠢᠭ ᠤᠨ ᠵᠠᠭᠤᠴᠢᠯᠠᠭᠤᠷ ᠤᠨ ᠦᠢᠯᠡᠳᠤᠯ ᠬᠠᠩᠭᠠᠭᠰᠠᠨ ᠪᠠᠶᠢᠨ᠎ᠠ᠂ | ᠡᠨᠡ ᠨᠢ ᠮᠠᠨ ᠤ ᠰᠢᠶᠠᠨ ᠤ ᠭᠠᠳᠠᠭᠠᠳᠤ ᠤᠷᠤᠨ ᠳᠠᠬᠢ ᠨᠡᠷ᠎ᠡ ᠠᠯᠳᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠬᠥᠳᠡᠭᠡ ᠲᠣᠰᠬᠤᠨ ᠤ ᠣᠨᠴᠠᠯᠢᠭ | ᠪᠦᠬᠦᠢ ᠲᠠᠷᠢᠶᠠᠯᠠᠩ ᠠᠵᠤ ᠠᠬᠤᠶ ᠶᠢᠨ ᠪᠦᠲᠦᠭᠡᠭᠳᠡᠬᠦᠨ ᠤ ᠪᠤᠷᠤᠯᠠᠭᠤᠯᠤᠯᠳᠠ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | ︽ᠶᠠᠳᠠᠭᠤ ᠶᠢ ᠲᠡᠳᠬᠦᠬᠦ + ᠵᠤᠭᠠᠴᠠᠯ︾ ᠤᠨ ᠲᠠᠯ᠎ᠠ ᠪᠠᠷ᠂ ᠱᠸᠡᠨ ᠴᠢᠦᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ᠂ ᠢ ᠯᠢᠦ | ᠸᠠᠨ ᠲᠠᠷᠢᠶᠠᠯᠠᠩ ᠠᠵᠤ ᠠᠬᠤᠢ ᠶᠢᠨ ᠵᠤᠭᠠᠴᠠᠯ ᠤᠨ ᠪᠦᠰᠡ᠂ ᠿᠦᠢ ᠸᠧ ᠦᠵᠦᠮ ᠤᠨ ᠠᠷᠢᠬᠢᠨ ᠬᠦᠷᠢᠶᠡᠯᠡᠩ ᠵᠡᠷᠭᠡ ᠵᠤᠭᠠᠴᠠᠯ ᠤᠨ ᠦᠵᠡᠮᠵᠢ ᠶᠢᠨ ᠤᠷᠤᠨ ᠤ | ᠲᠠᠶᠢᠴᠢᠯᠠᠯᠳᠠ ᠲᠤᠤᠷ᠎ᠠ᠂ ᠬᠠᠳᠤᠨ ᠭᠤᠣᠯ ᠳᠠᠭᠠᠤ ᠣᠷᠣᠨ ᠳᠤ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠬᠦᠴᠦᠯᠡᠨ ᠬᠥᠭᠵᠢᠭᠦᠯᠵᠦ᠂ ᠲᠠᠷᠢᠶᠠᠴᠢᠨ | ᠡᠷᠦᠬᠡ ᠶᠢᠨ ᠠᠰᠢᠭᠯᠠᠭᠠᠳᠤᠢ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ ᠲᠠᠷᠢᠶᠠᠴᠢᠳ ᠤᠨ ᠲᠠᠷᠢᠶᠠᠯᠠᠩ ᠤᠨ ᠪᠤᠰᠤ ᠠᠵᠤ ᠦᠢᠯᠡᠰ ᠤᠨ ᠠᠵᠢᠯ | ᠣᠯᠭᠤᠯᠲᠠ ᠶᠢᠨ ᠪᠣᠱᠤᠭ᠎ᠠ ᠶᠢ ᠪᠠᠭᠤᠷᠠᠭᠤᠯᠵᠤ᠂ ᠲᠠᠷᠢᠶᠠᠴᠢᠳ ᠤᠨᠲ᠋ᠤᠬᠠᠶ ᠶᠢᠨ ᠭᠠᠵᠠᠷ ᠲᠠᠭᠠᠨ ᠰᠢᠯᠵᠢᠬᠦ ᠶᠢ ᠠᠬᠢᠭᠤᠯᠵᠤ᠂ ᠲᠠᠷᠢᠶᠠᠴᠢᠳ ᠤᠨ ᠠᠵᠢᠯ | ᠤᠯᠭᠤᠯᠳᠠ ᠶᠢ ᠪᠡᠶᠡᠯᠡᠭᠦᠯᠵᠦ ᠲᠠᠷᠢᠶᠠᠴᠢᠳ ᠲᠤ ᠶᠠᠳᠠᠭᠤ ᠠᠴᠠ ᠠᠩᠵᠢᠷᠠᠬᠤ ᠰᠢᠨ᠎ᠡ ᠠᠷᠭ᠎ᠠ ᠵᠠᠮ ᠤᠯᠭᠤᠵᠤ ᠦᠭᠭᠦᠭᠰᠡᠨ ᠪᠠᠶᠢᠨ᠎ᠠ᠃ ᠪᠦᠬᠦ ᠰᠢᠶᠠᠨ ᠳᠤ ︽ | ᠲᠠᠷᠢᠶᠠᠴᠢᠨ ᠠᠶᠢᠯ ᠤᠨ ᠪᠠᠶᠠᠰᠤᠯ︾ ᠬᠥᠳᠡᠭᠡ ᠲᠣᠰᠬᠤᠨ ᠤ ᠵᠤᠭᠠᠴᠠᠯ ᠤᠨ ᠦᠢᠯᠡᠴᠢᠯᠡᠭᠡᠨ ᠤ ᠠᠵᠢᠯᠳᠠᠨ 2600 ᠭᠠᠷᠤᠶ ᠬᠥᠮᠦᠨ ᠪᠠᠶᠢᠵᠤ᠂ ᠣᠷᠣᠯᠭ᠎ᠠ ᠨᠢ | 5000 ᠲᠦᠮᠡᠨ ᠲᠥᠭᠦᠷᠢᠭ ᠠᠴᠠ ᠲᠡᠭᠡᠭᠡᠰᠢ ᠬᠦᠷᠴᠡᠢ᠃ | ︽ᠵᠤᠭᠠᠴᠠᠯ + ᠠᠮᠢ ᠠᠬᠤᠶ︾ ᠶᠢᠨ ᠲᠠᠯ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ︽ᠬᠦᠬᠡ ᠤᠰᠤ ᠬᠥᠬᠡᠮᠳᠦᠭ ᠠᠭᠤᠯᠠ ᠪᠣᠯ ᠳᠠᠷᠤᠢ ᠠᠯᠳᠠ | ᠮᠥᠩᠭᠦᠨ ᠠᠭᠤᠯᠠ ᠮᠦᠨ︾ ᠬᠡᠬᠦ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠠᠮᠢ ᠠᠬᠤᠶ ᠶᠢ | ᠵᠠᠰᠠᠵᠤ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠢᠯ ᠪᠦᠷᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ | ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠵᠦᠢᠯ ᠤᠨ ᠨᠣᠭᠤᠭᠠᠷᠠᠭᠤᠯᠵᠤ ᠣᠶᠢᠵᠢᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠶᠡᠬᠡᠪᠡᠷ | ᠬᠡᠷᠡᠭᠵᠢᠭᠦᠯᠦᠭᠰᠡᠨ ᠮᠦᠷᠳᠡᠭᠡᠨ ᠡᠨᠡ ᠵᠢᠯ ᠬᠥᠬᠡᠬᠤᠲᠠ ᠪᠤᠭᠤᠲᠤ ᠤᠷᠳᠤᠰ ᠤᠨ ᠬᠠᠳᠤᠨ ᠭᠤᠣᠯ ᠠᠮᠢ ᠠᠬᠤᠢ ᠶᠢᠨ ᠬᠤᠩᠬᠢᠯ ᠤᠨ ᠪᠦᠳᠦᠬᠡᠨ | ᠪᠠᠶᠢᠭᠤᠯᠤᠯᠲᠠ ᠶᠢᠨ ᠢᠨᠵᠧᠨᠧᠷᠢᠩ ᠶᠢ ᠡᠬᠢᠯᠡᠭᠦᠯᠪᠡ᠃ ᠨᠢᠭᠡ ᠲᠠᠯ᠎ᠠ ᠪᠠᠷ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠦᠨᠡᠨ ᠬᠦ | ᠰᠠᠶᠢᠵᠢᠷᠠᠭᠤᠯᠬᠤ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠡᠶ ᠪᠠᠭᠤᠷᠠᠭᠤᠯᠵᠤ᠂ ᠬᠠᠳᠤᠨ ᠭᠤᠤᠯ ᠤᠨ ᠬᠠᠮᠠᠭᠠᠯᠠᠯᠳᠠ ᠶᠢ ᠪᠠᠳᠤᠯᠠᠪᠠ︔ ᠨᠦᠬᠦᠭᠡ | ᠲᠠᠯ᠎ᠠ ᠪᠠᠷ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ᠂ ᠵᠠᠮ ᠳᠠᠭᠠᠤ | ᠭᠠᠵᠠᠷ ᠤᠨ ᠦᠵᠡᠮᠵᠢ ᠤᠷᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ ᠳᠡᠭᠡᠭᠰᠢᠯᠡᠭᠦᠯᠵᠦ᠂ ᠬᠠᠳᠤᠨ ᠭᠤᠣᠯ ᠳᠠᠭᠠᠤ ᠵᠤᠭᠠᠴᠠᠯ ᠤᠨ ᠠᠵᠤ ᠠᠬᠤᠶ ᠶᠢᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠦᠷᠭᠦᠯᠵᠢᠯᠡᠨ ᠬᠥᠭᠵᠢᠯᠲᠡ ᠶᠢ | ᠪᠠᠳᠤᠯᠠᠪᠠ᠃ | ᠬᠠᠮᠢᠶᠠᠷᠤᠭᠴᠢ | ᠬᠥᠬᠡᠬᠤᠲᠠ ᠶᠢᠨ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠨᠦᠬᠦᠷ ᠲᠤ ᠪᠠᠶᠠᠷᠯᠠᠯ᠎ᠠ᠂ | ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠢᠳᠡᠪᠬᠢᠳᠡᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠪᠠᠶᠠᠷᠯᠠᠯ᠎ᠠ ︕. |