ᠤᠢᠢᠷ᠎ᠠ ᠳᠤ᠂ ᠥᠪᠥᠷ ᠮᠣᠩᠭᠤᠯ ᠤᠷᠤᠨ ᠤ ᠤᠷᠭᠤᠮᠠᠯ ᠤᠨ ᠰᠤᠳᠤᠯᠤᠯ ᠤᠨ ᠨᠡᠷᠡᠳᠦ ᠡᠷᠳᠡᠮᠳᠡᠨ ᠦᠨᠳᠦᠰᠦ ᠭᠤᠸᠠᠢ ᠶᠢᠨ ᠡᠮᠬᠢᠳᠬᠡᠨ | ᠨᠠᠶᠢᠷᠠᠭᠤᠯᠤᠭᠰᠠᠨ ︽︿ᠬᠠᠭᠠᠨ ᠤ ᠪᠢᠴᠢᠭᠰᠡᠨ ᠲᠠᠪᠤᠨ ᠵᠦᠢᠯ ᠤᠨ ᠦᠰᠦᠭ ᠢᠶᠠᠷ ᠬᠠᠪᠰᠤᠷᠤᠭᠰᠠᠨᠮᠠᠨᠵᠦ ᠦᠬᠡᠨ ᠤ ᠲᠤᠯᠢ ᠪᠢᠴᠢᠭ﹀ ᠤᠨ ᠤᠷᠭᠤᠮᠠᠯ ᠤᠨ | ᠨᠡᠷᠡᠰ ᠤᠨ ᠰᠤᠳᠤᠯᠤᠯ︾ ᠬᠡᠬᠦ ᠨᠤᠮ ᠪᠠ ︽ᠮᠤᠩᠭᠤᠯ ᠬᠢᠳᠡᠳ ᠯᠠᠲ᠋ᠢᠨ ᠬᠠᠪᠰᠤᠷᠭᠠᠭᠰᠠᠨ ᠦᠷᠡᠳᠦ ᠤᠷᠭᠤᠮᠠᠯ ᠤᠨ ᠨᠡᠷᠡᠰ︾ ︵ᠨᠡᠮᠡᠵᠦ ᠵᠠᠰᠠᠭᠰᠠᠨ ᠲᠡᠪᠳᠡᠷ︶ | ᠬᠡᠬᠦ ᠨᠤᠮ ᠦᠪᠤᠷ ᠮᠤᠩᠭᠤᠯ ᠤᠨᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠳᠡᠨ ᠲᠠᠷᠬᠠᠭᠠᠭᠳᠠᠪᠠ᠃ | | | ︽ᠬᠠᠭᠠᠨ ᠤ ᠪᠢᠴᠢᠭᠰᠡᠨ ᠲᠠᠪᠤᠨ ᠵᠦᠢᠯ ᠤᠨ ᠦᠰᠦᠭ ᠢᠶᠠᠷ ᠬᠠᠪᠰᠤᠷᠤᠭᠰᠠᠨ ᠮᠠᠨᠵᠦ ᠦᠬᠡᠨ ᠤ ᠲᠤᠯᠢ ᠪᠢᠴᠢᠭ︾ ᠪᠤᠯ ᠴᠢᠩ ᠤᠯᠤᠰ ᠤᠨ ᠲᠡᠭᠷᠢ | ᠲᠡᠳᠬᠦᠭᠴᠢ ᠶᠢᠨ ᠦᠶ᠎ᠠ ᠳᠤ ᠨᠠᠶᠢᠷᠠᠭᠤᠯᠤᠭᠰᠠᠨ ᠲᠠᠪᠤᠨ ᠵᠦᠢᠯ ᠤᠨ ᠦᠰᠦᠭ ︵ᠮᠠᠨᠵᠦ᠂ ᠮᠤᠩᠭᠤᠯ᠂ ᠲᠦᠪᠡᠳ᠂ ᠤᠢᠢᠭᠤᠷ᠂ ᠬᠢᠳᠡᠳ︶ ᠢ ᠬᠠᠷᠭᠤᠭᠤᠯᠤᠭᠰᠠᠨ | ᠲᠤᠯᠢ ᠪᠢᠴᠢᠭ ᠮᠦᠨ᠃ ᠡᠨᠡ ᠬᠦ ᠲᠤᠯᠢ ᠪᠢᠴᠢᠭ ᠢ 1957 ᠳᠤ ᠲᠦᠪ ᠤᠨ ᠦᠨᠳᠦᠰᠦᠳᠡᠨ ᠤ ᠬᠡᠪᠯᠡᠯ ᠤᠨ ᠬᠤᠷᠢᠶ᠎ᠠ ᠠᠴᠠ ᠰᠡᠬᠦᠳᠡᠷᠯᠡᠨ ᠬᠡᠪᠯᠡᠵᠦ | ᠲᠠᠷᠬᠠᠭᠠᠭᠰᠠᠨ ᠪᠠᠶᠢᠨ ᠠ᠃ ᠲᠤᠰ ᠲᠤᠯᠢ ᠨᠢ200 ᠭᠠᠷᠤᠢ ᠵᠢᠯ ᠤᠨ ᠡᠮᠦᠨᠡᠬᠢ ᠴᠢᠩ ᠤᠯᠤᠰ ᠤᠨ ᠨᠡᠶᠢᠬᠡᠮ ᠤᠨ ᠠᠵᠦ ᠠᠬᠤᠢ ᠶᠢᠨ | ᠬᠦᠭᠵᠢᠯᠳᠡ ᠶᠢᠨ ᠲᠦᠪᠰᠢᠨ᠂ ᠦᠢᠯᠡᠳᠪᠤᠷᠢᠯᠡᠯ ᠤᠨ ᠬᠠᠷᠢᠴᠠᠭᠠᠨ ᠤ ᠤᠨᠴᠠᠯᠢᠭ᠂ ᠤᠯᠤᠰ ᠲᠦᠷᠦ᠂ ᠰᠤᠶᠤᠯ ᠰᠤᠷᠭᠠᠨ ᠬᠦᠮᠦᠵᠢᠯ᠂ ᠵᠠᠩ ᠲᠠᠳᠬᠠᠯ | ᠪᠤᠯᠤᠨ ᠦᠨᠳᠦᠰᠦᠳᠡᠨ ᠤ ᠬᠠᠷᠢᠴᠠᠭ᠎ᠠ ᠪᠠ ᠦᠨᠳᠦᠰᠦᠳᠡᠨ ᠤ ᠰᠤᠶᠤᠯ ᠤᠨ ᠰᠣᠯᠢᠯᠴᠠᠭ᠎ᠠ ᠶᠢ ᠰᠤᠳᠤᠯᠬᠤ ᠳᠤ ᠪᠦᠷᠢᠨ ᠲᠡᠬᠦᠯᠳᠡᠷ ᠲᠡᠦᠬᠡ ᠶᠢᠨ ᠮᠠᠲ᠋ᠧᠷᠢᠶᠠᠯ | ᠬᠠᠩᠭᠠᠭᠰᠠᠨ ᠶᠤᠮ᠃ ᠦᠨᠳᠦᠰᠦ ᠭᠤᠸᠠᠢ ᠶᠢᠨ ᠨᠠᠶᠢᠷᠠᠭᠤᠯᠤᠭᠰᠠᠨ ︽︿ᠬᠠᠭᠠᠨ ᠤ ᠪᠢᠴᠢᠭᠰᠡᠨ ᠲᠠᠪᠤᠨ ᠵᠦᠢᠯ ᠤᠨ ᠦᠰᠦᠭ ᠢᠶᠠᠷ ᠬᠠᠪᠰᠤᠷᠤᠭᠰᠠᠨ ᠮᠠᠨᠵᠦ | ᠦᠬᠡᠨ ᠤ ᠲᠤᠯᠢ ᠪᠢᠴᠢᠭ﹀ ᠤᠨ ᠤᠷᠭᠤᠮᠠᠯ ᠤᠨ ᠨᠡᠷᠡᠰ ᠤᠨ ᠰᠤᠳᠤᠯᠤᠯ︾ ᠬᠡᠬᠦ ᠨᠤᠮ ᠨᠢ ᠤᠷᠭᠤᠮᠠᠯ ᠤᠨ ᠮᠤᠩᠭᠤᠯ ᠨᠡᠷᠡᠶᠢᠳᠦᠯ ᠠᠴᠠ ᠭᠠᠳᠠᠨ᠎ᠠ | ᠤᠷᠭᠤᠮᠠᠯ ᠤᠨ ᠨᠡᠷ᠎ᠠ ᠲᠤᠮᠢᠶ᠎ᠠ᠂ ᠤᠷᠭᠤᠮᠠᠯ ᠤᠨ ᠪᠦᠳᠦᠬᠡᠭᠳᠡᠬᠦᠨ ᠪᠠ ᠪᠦᠳᠦᠬᠡᠭᠳᠡᠬᠦᠨ ᠢ ᠦᠢᠯᠡᠳᠪᠤᠷᠢᠯᠡᠬᠦ ᠶᠠᠪᠤᠴᠠ ᠶᠢᠨ ᠨᠡᠷᠡᠶᠢᠳᠦᠯ ᠵᠡᠷᠬᠡ ᠤᠯᠠᠨ | ᠲᠦᠷᠦᠯ ᠤᠨ ᠨᠡᠷᠡᠶᠢᠳᠦᠯ ᠢ ᠬᠠᠮᠤᠷᠤᠭᠰᠠᠨ ᠪᠤᠯᠬᠤᠷ ᠤᠷᠭᠤᠮᠠᠯ ᠤᠨ ᠮᠤᠩᠭᠤᠯ ᠨᠡᠷᠡᠶᠢᠳᠦᠯ ᠤᠨ ᠵᠢᠭᠰᠠᠭᠠᠯᠳᠠ ᠶᠢᠨ ᠲᠡᠰ ᠲᠠᠷᠠᠭ᠎ᠠ᠂ ᠪᠦᠯᠦᠭ ᠤᠨ ᠲᠤᠭ᠎ᠠ | ᠵᠡᠷᠬᠡ ᠤᠯᠠᠨ ᠲᠠᠯ᠎ᠠ ᠪᠠᠷ ᠤᠭ ᠵᠤᠬᠢᠶᠠᠯ ᠲᠠᠢ ᠨᠡᠯᠢᠶᠡᠳ ᠵᠦᠷᠢᠶ ᠠ ᠲᠠᠢ ᠪᠠᠶᠢᠳᠠᠭ᠃ | ︽ᠮᠤᠩᠭᠤᠯ ᠬᠢᠳᠡᠳ ᠯᠠᠲ᠋ᠢᠨ ᠬᠠᠪᠰᠤᠷᠭᠠᠭᠰᠠᠨ ᠦᠷᠡᠳᠦ ᠤᠷᠭᠤᠮᠠᠯ ᠤᠨ ᠨᠡᠷᠡᠰ︾ ᠬᠡᠬᠦ ᠨᠤᠮ ᠤᠨ ᠨᠡᠮᠡᠵᠦ ᠵᠠᠰᠠᠭᠰᠠᠨ ᠬᠡᠪᠯᠡᠯ ᠳᠤ ᠵᠤᠬᠢᠶᠠᠭᠴᠢ ᠠᠴᠠ | ᠠᠩᠬᠠᠳᠤᠭᠠᠷ ᠬᠡᠪᠯᠡᠯ ᠬᠡᠪᠯᠡᠭᠳᠡᠭᠰᠡᠨ ᠠᠴᠠ ᠨᠠᠭᠠᠰᠢᠬᠢ 40 ᠭᠠᠷᠤᠢ ᠵᠢᠯ ᠤᠨ ᠲᠤᠷᠰᠢᠬᠢ ᠰᠤᠳᠤᠯᠭᠠᠨ ᠤ ᠶᠠᠪᠤᠴᠠ ᠳᠠᠭᠠᠨ ᠢᠯᠡᠷᠡᠬᠦᠯᠦᠭᠰᠡᠨ | ᠤᠷᠭᠤᠮᠠᠯ ᠤᠨ ᠨᠡᠷᠡᠰ ᠢ ᠨᠡᠮᠡᠵᠦ ᠤᠷᠤᠭᠤᠯᠤᠭᠰᠠᠨ ᠪᠦᠬᠡᠳ ᠠᠩᠬᠠᠳᠤᠭᠠᠷ ᠬᠡᠪᠯᠡᠯ ᠤᠨ ᠵᠤᠬᠢᠰ ᠦᠬᠡᠢ ᠵᠦᠢᠯ ᠪᠤᠶᠤ ᠲᠠᠰᠢᠶᠠᠷᠠᠭᠰᠠᠨ ᠵᠦᠢᠯ ᠤᠳ ᠲᠤ | ᠵᠠᠰᠠᠯᠳᠠ ᠤᠷᠤᠭᠤᠯᠤᠭᠰᠠᠨ ᠪᠠᠶᠢᠨ᠎ᠠ᠃ ᠡᠬᠦᠨ ᠳᠤ ᠭᠤᠤᠯᠳᠠᠭᠤ ᠤᠷᠭᠤᠮᠠᠯ ᠤᠨ ᠵᠢᠩᠬᠢᠨᠢ ᠨᠡᠷ᠎ᠡ ᠶᠢ ᠤᠳᠤ ᠶᠢᠨ ᠲᠦᠷᠢᠮᠵᠢᠬᠦᠯᠦᠭᠳᠡᠨ ᠬᠡᠷᠡᠭᠯᠡᠭᠳᠡᠵᠦ ᠪᠠᠶᠢᠭ᠎ᠠ | ᠪᠢᠴᠢᠯᠬᠡ ᠪᠠᠷ ᠨᠢᠬᠡᠳᠬᠡᠨ ᠲᠦᠷᠢᠮᠵᠢᠬᠦᠯᠵᠡᠢ᠃ ᠲᠤᠰ ᠬᠡᠪᠯᠡᠯ ᠳᠤ ᠦᠪᠤᠷ ᠮᠤᠩᠭᠤᠯ ᠤᠷᠤᠨ ᠤ ᠬᠡᠪᠴᠢᠶᠡᠨ ᠳᠤ ᠭᠠᠷᠬᠤ ᠦᠷᠡᠳᠦ ᠤᠷᠭᠤᠮᠠᠯ ᠨᠡᠶᠢᠳᠡ 119 | ᠢᠵᠠᠭᠤᠷ᠂ 722 ᠲᠦᠷᠦᠯ᠂ 2350 ᠭᠠᠷᠤᠢ ᠬᠡᠬᠡᠷ᠎ᠠ ᠶᠢᠨ ᠦᠷᠡᠳᠦ ᠤᠷᠭᠤᠮᠠᠯ ᠪᠠᠭᠳᠠᠨ ᠤᠷᠤᠵᠠᠢ᠃ ᠤᠤᠯ ᠬᠡᠪᠯᠡᠯ ᠳᠤ ᠵᠦᠪᠬᠡᠨ ᠬᠢᠳᠡᠳ | ᠦᠰᠦᠭ ᠤᠨ ᠬᠡᠯᠬᠢᠶᠡᠰᠦ ᠪᠠᠶᠢᠭᠰᠠᠨ ᠢ ᠲᠠᠬᠢᠨ ᠬᠡᠪᠯᠡᠬᠦᠯᠬᠦ ᠳᠡᠭᠡᠨ ᠮᠤᠩᠭᠤᠯ᠂ ᠯᠠᠲ᠋ᠢᠨ ᠦᠰᠦᠭ ᠤᠨ ᠬᠡᠯᠬᠢᠶᠡᠰᠦ ᠶᠢ ᠰᠢᠨ᠎ᠡ ᠪᠠᠷ ᠨᠡᠮᠡᠵᠦ᠂ ᠬᠢᠳᠡᠳ | ᠦᠰᠦᠭ ᠤᠨ ᠬᠡᠯᠬᠢᠶᠡᠰᠦ ᠳᠤ ᠪᠠᠰᠠ ᠵᠠᠰᠠᠯᠳᠠ ᠤᠷᠤᠭᠤᠯᠤᠭᠰᠠᠨ ᠠᠴᠠ ᠤᠩᠰᠢᠭᠴᠢᠳ ᠲᠤ ᠤᠯᠠᠮ ᠲᠦᠬᠦᠮ ᠦᠵᠡᠬᠦᠯᠬᠦ ᠪᠤᠯᠤᠨ᠎ᠠ᠃ | ᠮᠤᠩᠭᠤᠯ ᠦᠨᠳᠦᠰᠦᠳᠡᠨ ᠪᠤᠯ ᠦᠨᠢ ᠤᠳᠠᠭᠠᠨ ᠲᠡᠦᠬᠡ ᠲᠠᠢ ᠨᠡᠬᠦᠳᠡᠯᠴᠢᠨ ᠦᠨᠳᠦᠰᠦᠳᠡᠨ ᠶᠤᠮ᠃ ᠲᠤᠰ ᠬᠤᠶᠠᠷ ᠨᠤᠮ ᠤᠨ ᠬᠡᠪᠯᠡᠭᠳᠡᠭᠰᠡᠨ ᠨᠢ | ᠨᠡᠬᠦᠳᠡᠯᠴᠢᠨ ᠦᠨᠳᠦᠰᠦᠳᠡᠨ ᠤ ᠤᠷᠭᠤᠮᠠᠯ ᠤᠨ ᠰᠤᠳᠤᠯᠤᠯ ᠤᠨ ᠦᠢᠯᠡᠰ ᠲᠤ ᠶᠡᠭᠡᠭᠡᠨ ᠠᠴᠢ ᠬᠤᠯᠪᠤᠭᠳᠠᠯ ᠲᠠᠢ ᠶᠤᠮ᠃ |