ᠦᠴᠦᠸᠠᠨ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠪᠡᠯᠡᠳᠬᠡᠯ ᠨᠠᠮ ᠤᠨ ᠭᠡᠰᠢᠭᠦᠨ᠂ ᠨᠠᠮ ᠳᠤ ᠡᠯᠰᠡᠬᠦ ᠪᠠᠷ ᠪᠠᠶᠢᠭ᠎ᠠ ᠡᠳᠡᠬᠡᠳ ᠪᠠ ᠨᠠᠮ ᠳᠤ ᠣᠷᠤᠬᠤ ᠪᠠᠷ ᠭᠤᠶᠤᠴᠢᠯᠠᠵᠤ ᠪᠠᠶᠢᠭ᠎ᠠ ᠢᠳᠡᠪᠬᠢᠲᠡᠨ ᠤ ᠪᠣᠯᠪᠠᠰᠤᠷᠠᠯ ᠤᠨ ᠠᠩᠬᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2018-10-15
     ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠪᠡᠯᠡᠳᠬᠡᠯ ᠨᠠᠮ ᠤᠨ ᠭᠡᠰᠢᠬᠦᠨ᠂ ᠨᠠᠮ ᠳᠤ ᠡᠯᠰᠡᠬᠦ ᠪᠠᠷ ᠪᠠᠶᠢᠭ᠎ᠠ ᠡᠳᠡᠬᠡᠳ ᠪᠠ ᠨᠠᠮ ᠳᠤ ᠣᠷᠤᠬᠤ ᠪᠠᠷ ᠭᠤᠶᠤᠴᠢᠯᠠᠵᠤ ᠪᠠᠶᠢᠭ᠎ᠠ ᠢᠳᠡᠪᠬᠢᠲᠡᠨ ᠤ ᠪᠣᠯᠪᠠᠰᠤᠷᠠᠯ ᠤᠨ ᠠᠩᠬᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠂ 130 ᠭᠠᠷᠤᠢ ᠬᠦᠮᠦᠨ ᠪᠣᠯᠪᠠᠰᠤᠷᠠᠯ ᠳᠤ ᠣᠷᠤᠯᠴᠠᠭᠰᠠᠨ ᠪᠥᠭᠡᠳ ᠭᠤᠷᠪᠠᠨ ᠡᠳᠤᠷ ᠤᠨ ᠬᠤᠭᠤᠴᠠᠭ᠎ᠠ ᠪᠥᠬᠦᠢ ᠲᠤᠰᠬᠠᠢ ᠰᠡᠳᠤᠪᠲᠤ ᠪᠣᠯᠪᠠᠰᠤᠷᠠᠯ ᠬᠦᠷᠲᠡᠪᠡ᠃      ᠪᠣᠯᠪᠠᠰᠤᠷᠠᠯ ᠡᠬᠢᠯᠡᠬᠦ ᠶᠣᠰᠤᠯᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠤᠭᠳᠠᠯ ᠪᠥᠬᠦᠢ ᠬᠠᠷᠢᠭᠤᠴᠠᠯᠭᠠᠲᠠᠨ ᠠᠴᠠ ᠳᠠᠶᠢᠴᠢᠯᠠᠯᠲᠠ ᠶᠢᠨ ᠦᠭᠡ ᠶᠠᠷᠢᠵᠤ᠂ ᠪᠣᠯᠪᠠᠰᠤᠷᠠᠯ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠬᠤ᠂ ᠰᠤᠷᠤᠯᠴᠠᠯᠭ᠎ᠠ ᠪᠣᠯᠪᠠᠰᠤᠷᠠᠯ ᠤᠨ ᠪᠤᠳᠠᠲᠤ ᠦᠷ᠎ᠡ ᠪᠥᠲᠦᠮᠵᠢᠳᠤ ᠴᠢᠨᠠᠷ ᠢ ᠪᠠᠲᠤᠯᠠᠬᠤ᠂ ᠰᠠᠬᠢᠯᠭ᠎ᠠ ᠪᠠᠲᠤ ᠶᠢ ᠪᠠᠲᠤ ᠰᠠᠬᠢᠬᠤ ᠥᠪᠡᠷ ᠢ ᠪᠠᠨ ᠡᠵᠡᠮᠳᠡᠬᠦ ᠴᠢᠨᠠᠷ ᠢ ᠴᠢᠩᠭᠠᠳᠬᠠᠬᠤ ᠵᠡᠷᠭᠡ ᠲᠠᠯ᠎ᠠ ᠠᠴᠠ ᠪᠤᠯᠪᠠᠰᠤᠷᠠᠯ ᠬᠦᠷᠲᠡᠭᠰᠡᠳ ᠲᠤ ᠱᠠᠭᠠᠷᠳᠠᠯᠭ᠎ᠠ ᠳᠤᠷᠠᠳᠪᠠ᠃      ᠪᠣᠯᠪᠠᠰᠤᠷᠠᠯ ᠳᠤ ᠣᠷᠤᠯᠴᠠᠭᠰᠠᠳ ᠤᠨ ᠲᠥᠯᠦᠭᠡᠯᠡᠭᠴᠢᠳ ᠠᠴᠠ ᠣᠪᠤᠷ ᠢᠶᠠᠨ ᠢᠯᠡᠳᠬᠡᠨ ᠶᠠᠷᠢᠶ᠎ᠠ ᠲᠠᠯᠪᠢᠵᠤ᠂ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠦᠢᠯᠡᠳᠦᠯᠭᠡ ᠶᠢᠨ ᠳᠠᠪᠲᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠳᠡᠭᠡᠷ᠎ᠡ ᠪᠠᠨ ᠨᠠᠮ ᠳᠤ ᠣᠷᠤᠬᠤ ᠪᠠᠷ ᠪᠠᠷᠠᠬᠤ ᠦᠭᠡᠢ ᠨᠡᠩ ᠴᠢᠬᠤᠯᠠ ᠨᠢ ᠦᠢᠯᠡᠳᠦᠯᠭᠡ ᠳᠡᠭᠡᠷ᠎ᠡ ᠪᠠᠨ ᠨᠠᠮ ᠳᠤ ᠣᠷᠤᠵᠤ᠂ ᠦᠵᠡᠯ ᠰᠠᠨᠠᠭ᠎ᠠ ᠦᠢᠯᠡᠳᠦᠯᠭᠡ ᠨᠢᠭᠡᠳᠦᠭᠰᠡᠨ ᠪᠠᠶᠢᠬᠤ ᠶᠢ ᠪᠡᠶᠡᠯᠡᠭᠦᠯᠵᠤ᠂ ᠳᠣᠮᠳᠠᠳᠤ ᠤᠯᠤᠰ ᠤᠨ ᠡᠪ ᠬᠠᠮᠲᠤ ᠨᠠᠮ ᠳᠤ ᠡᠷᠲᠡᠬᠡᠨ ᠣᠷᠤᠬᠤ ᠪᠠᠷ ᠴᠢᠷᠮᠠᠶᠢᠨ᠎ᠠ ᠭᠡᠪᠡ᠃      ᠲᠤᠰ ᠤᠳᠠᠭᠠᠨ ᠤ ᠪᠣᠯᠪᠠᠰᠤᠷᠠᠯ ᠨᠢ ᠲᠥᠪᠯᠡᠷᠡᠭᠦᠯᠦᠨ ᠬᠢᠴᠢᠶᠡᠯᠯᠡᠬᠦ᠂ ᠰᠤᠷᠭᠠᠨ ᠬᠥᠮᠦᠵᠢᠭᠦᠯᠬᠦ ᠳᠦᠷᠰᠦ ᠰᠢᠩᠭᠡᠭᠡᠯᠲᠡ ᠦᠵᠡᠬᠦ᠂ ᠰᠤᠷᠤᠯᠴᠠᠯᠭ᠎ᠠ ᠶᠢᠨ ᠣᠯᠣᠯᠲᠠ ᠳᠥᠷᠦᠭᠳᠡᠯ ᠢᠶᠠᠨ ᠶᠠᠷᠢᠯᠴᠠᠬᠤ᠂ ᠨᠠᠮ ᠤᠨ ᠣᠨᠤᠯ ᠮᠡᠳᠡᠯᠭᠡ ᠶᠢᠨ ᠰᠢᠯᠭᠠᠯᠲᠠ ᠬᠢᠬᠦ ᠵᠡᠷᠭᠡ ᠬᠡᠯᠪᠡᠷᠢ ᠪᠠᠷ ᠶᠠᠪᠤᠭᠳᠠᠪᠠ᠃ ᠲᠤᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠤᠨ ᠤ ᠨᠠᠮ ᠤᠨ ᠰᠤᠷᠭᠠᠭᠤᠯᠢ ᠶᠢᠨ ᠬᠤᠶᠠᠷ ᠪᠠᠭᠰᠢ ᠶᠢ ᠣᠷᠢᠵᠤ ᠮᠠᠨ ᠤ ᠰᠢᠶᠠᠨ ᠳᠤ《 ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠪᠠᠭᠤᠯᠭᠠᠬᠤ》ᠠᠵᠢᠯᠯᠠᠭ᠎ᠠ ᠥᠷᠨᠢᠭᠦᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂《 ᠨᠠᠮ ᠤᠨ ᠳᠦᠷᠢᠮ》《 ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠤᠭᠠᠳᠤ ᠶᠢᠨ ᠤᠯᠤᠰ ᠲᠥᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ》᠂ ᠵᠥᠪ ᠬᠥᠭᠵᠢᠯᠲᠡ ᠶᠢᠨ ᠦᠵᠡᠯᠲᠡ᠂ ᠠᠮᠵᠢᠯᠲᠠ ᠪᠥᠲᠦᠮᠵᠢ ᠶᠢᠨ ᠦᠵᠡᠯᠲᠡ ᠶᠢ ᠪᠣᠢ ᠪᠣᠯᠭᠠᠬᠤ ᠲᠤᠬᠠᠢ ᠬᠠᠮᠢᠶ᠎ᠠ ᠪᠥᠬᠦᠢ ᠲᠤᠭᠠᠴᠢᠯᠲᠠ᠂ ᠨᠠᠮ ᠤᠨ ᠲᠡᠤᠬᠡ ᠵᠡᠷᠭᠡ ᠲᠠᠯ᠎ᠠ ᠤᠨ ᠠᠭᠤᠯᠭ᠎ᠠ ᠶᠢ ᠪᠠᠭᠲᠠᠭᠠᠭᠵᠤ᠂ ᠪᠣᠯᠪᠠᠰᠤᠷᠠᠯ ᠤᠨ ᠭᠤᠣᠯ ᠰᠡᠳᠦᠪ ᠲᠣᠳᠤᠷᠬᠠᠢ᠂ ᠠᠭᠤᠯᠭ᠎ᠠ ᠪᠠᠶᠠᠯᠢᠭ᠂ ᠨᠡᠯᠢᠶᠡᠳ ᠴᠢᠩᠭ᠎ᠠ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠤᠯᠴᠠᠭᠰᠠᠳ ᠤᠨ ᠤᠯᠤᠰ ᠲᠥᠷᠦ ᠣᠨᠣᠯ ᠤᠨ ᠬᠡᠪ ᠴᠢᠨᠠᠷ᠂ ᠦᠢᠯᠡᠳᠦᠯᠭᠡ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠵᠣᠬᠢᠬᠤ ᠵᠢᠯᠤᠭᠤᠳᠬᠤ ᠠᠴᠢ ᠬᠤᠯᠪᠤᠭᠳᠠᠯ ᠲᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号