ᠬᠦᠬᠡᠬᠤᠲᠠ ᠶᠢᠨ ᠦᠨᠲᠤᠰᠤᠲᠠᠨ  ᠤ ᠲᠤᠮᠲᠠᠲᠤ ᠪᠠᠭ᠎ᠠ ᠰᠤᠷᠭᠠᠭᠤᠯᠢ ᠶᠢᠨ ᠨᠠᠭᠠᠲᠤᠮ ᠪᠤᠯᠵᠦ ᠪᠠᠶᠢᠨ᠎ᠠ
ᠨᠡᠶᠢᠲᠡᠯᠡᠭᠰᠡᠨ ᠴᠠᠭ᠄
2018-10-15
      ᠨᠠᠷᠠ ᠰᠠᠯᠬᠢ ᠨᠢ ᠳᠡᠩᠴᠡᠭᠰᠡᠨ ᠨᠠᠯᠠᠭᠠᠷ ᠨᠠᠮᠤᠷ ᠤᠨ 10 ᠳ᠋ᠤᠭᠠᠷ ᠰᠠᠷ᠎ᠠ ᠶᠢᠨ 13 ᠤ ᠡᠳᠦᠷ᠂ 2018 ᠤᠨ ᠤ ᠬᠦᠬᠡᠬᠤᠲᠠ ᠶᠢᠨ ᠦᠨᠲᠤᠰᠤᠲᠠᠨ ᠤ ᠲᠤᠮᠲᠠᠲᠤ ᠪᠠᠭ᠎ᠠ ᠰᠤᠷᠭᠠᠭᠤᠯᠢ ᠶᠢᠨ ᠨᠠᠭᠠᠲᠤᠮ ᠬᠦᠬᠡᠬᠤᠲᠠ ᠶᠢᠨ ᠮᠤᠩᠭᠤᠯ ᠦᠨᠲᠤᠰᠤᠲᠠᠨ ᠤ ᠰᠤᠷᠭᠠᠭᠤᠯᠢ ᠳᠤ ᠬᠦᠷ ᠬᠦᠭᠵᠢᠶᠠᠨᠲᠡᠢ ᠡᠬᠢᠯᠡᠯ᠎ᠡ᠃ ᠳᠤᠰ ᠨᠠᠭᠠᠳᠤᠮ ᠪᠤᠯ ᠬᠦᠬᠡᠬᠤᠲᠠ ᠶᠢᠨ ᠦᠨᠲᠤᠰᠤᠲᠠᠨ ᠤ ᠲᠤᠮᠲᠠᠲᠤ ᠪᠠᠭ᠎ᠠ ᠰᠤᠷᠭᠠᠭᠤᠯᠢ ᠶᠢᠨ ᠬᠤᠶᠠᠲᠠᠬᠢ ᠨᠠᠭᠠᠲᠤᠮ ᠪᠠᠶᠢᠵᠦ᠂ 2010 ᠤᠨ ᠠᠴᠠ ᠡᠬᠢᠯᠠᠵᠤ ᠪᠦᠬᠦ ᠬᠤᠲᠠ ᠶᠢᠨ ᠦᠨᠲᠤᠰᠤᠲᠠᠨ ᠤ ᠲᠤᠮᠲᠠᠲᠤ ᠪᠠᠭ᠎ᠠ ᠰᠤᠷᠭᠠᠭᠤᠯᠢ ᠶᠢᠨ ᠴᠦᠬᠡᠨ ᠲᠤᠭᠠᠲᠤ ᠦᠨᠲᠤᠰᠤᠲᠠᠨ ᠤ ᠤᠯᠠᠮᠵᠢᠯᠠᠯᠲᠤ ᠪᠠᠶ᠎ᠠ ᠶᠢᠨ ᠲᠠᠮᠢᠷ ᠤᠨ ᠤᠷᠤᠯᠲᠤᠭᠠᠨ ᠢ ᠲᠦᠷᠪᠠᠨ ᠬᠤᠭᠤᠴᠠᠭ᠎ᠠ ᠠᠮᠵᠢᠯᠲᠠᠲᠠᠢ ᠡᠷᠬᠢᠯᠡᠭᠰᠡᠨ ᠰᠠᠭᠤᠷᠢᠨ ᠲᠠᠬᠡᠷ᠎ᠠ ᠦᠷᠨᠢᠬᠦᠯᠵᠤ ᠪᠠᠶᠢᠭ᠎ᠠ ᠨᠠᠭᠠᠳᠤᠮ ᠪᠤᠯᠤᠨ᠎ᠠ᠃      ᠡᠨᠡ ᠤᠳᠠᠭᠠᠨ ᠤ ᠨᠠᠭᠠᠳᠤᠮ ᠳᠤ ᠲᠦᠮᠠᠳ ᠵᠠᠬᠦᠨ ᠬᠤᠰᠢᠭᠤᠨ ᠤ ᠤᠯᠠᠭᠠᠨᠬᠦᠦ ᠰᠤᠷᠭᠠᠭᠤᠯᠢ᠂ ᠲᠦᠮᠠᠳ ᠵᠠᠬᠦᠨ ᠬᠤᠰᠢᠭᠤᠨ ᠤ ᠦᠨᠲᠤᠰᠤᠲᠠᠨ ᠤ ᠲᠤᠮᠲᠠᠲᠤ ᠰᠤᠷᠭᠠᠭᠤᠯᠢ᠂ ᠲᠤᠭᠲᠠᠬᠤ ᠰᠢᠶᠠᠨ ᠤ ᠦᠨᠲᠤᠰᠤᠲᠠᠨ ᠤ ᠲᠤᠮᠲᠠᠲᠤ ᠰᠤᠷᠭᠠᠭᠤᠯᠢ᠂ ᠬᠤᠷᠢᠨᠬᠡᠷ ᠰᠢᠶᠠᠨ ᠤ ᠮᠤᠩᠭᠤᠯ ᠦᠨᠲᠤᠰᠤᠲᠠᠨ ᠤ ᠰᠤᠷᠭᠠᠭᠤᠯᠢ᠂ ᠰᠠᠶᠢᠬᠠᠨ ᠲᠤᠭᠤᠷᠢᠭ ᠤᠨ ᠦᠨᠲᠤᠰᠤᠲᠠᠨ ᠤ ᠪᠠᠭ᠎ᠠ ᠰᠤᠷᠭᠠᠭᠤᠯᠢ ᠵᠠᠷᠬᠡ 26 ᠰᠤᠷᠭᠠᠭᠤᠯᠢ ᠶᠢᠨ ᠲᠦᠯᠤᠬᠡᠯᠡᠭᠴᠢᠳ ᠨᠠᠶᠢᠲᠠ 800 ᠭᠠᠷᠤᠢ ᠬᠦᠮᠤᠨ ᠤᠷᠤᠯᠴᠠᠵᠠᠢ᠃ ᠨᠠᠭᠠᠳᠤᠮ ᠨᠢ ︽ᠤᠯᠠᠮᠵᠢᠯᠠᠬᠤ᠂ ᠬᠦᠭᠵᠢᠬᠦᠯᠬᠦ᠂ ᠪᠦᠯᠬᠦᠮᠲᠠᠬᠦ᠂ ᠲᠠᠪᠰᠢᠬᠤ︾ ᠪᠠᠷ ᠭᠤᠤᠯ ᠰᠠᠲᠤᠪ ᠢᠶᠠᠨ ᠪᠤᠯᠭᠠᠨ᠂ ᠤᠤᠯ ᠤᠨ ᠤᠷᠤᠯᠲᠤᠵᠤ ᠪᠠᠶᠢᠭᠰᠠᠨ ᠪᠦᠬᠡ ᠪᠠᠷᠢᠯᠲᠤᠬᠤ ᠵᠠᠷᠬᠡ ᠤᠷᠤᠯᠲᠤᠭᠠᠨ ᠤ ᠰᠠᠭᠤᠷᠢᠨ ᠲᠠᠬᠡᠷ᠎ᠠ᠂ ᠮᠤᠩᠭᠤᠯ ᠦᠨᠲᠤᠰᠤᠲᠠᠨ ᠤ ᠤᠯᠠᠮᠵᠢᠯᠠᠯᠲᠤ ᠰᠤᠷ ᠬᠠᠷᠪᠤᠯᠲᠠ᠂ ᠬᠤᠲᠤᠩ ᠦᠨᠲᠤᠰᠤᠲᠠᠨ ᠤ ᠵᠠᠪᠰᠡᠭ ᠤᠨ ᠡᠷᠲᠠᠮ᠂ ᠮᠠᠨᠵᠤ ᠦᠨᠲᠤᠰᠤᠲᠠᠨ ᠤ ᠰᠤᠪᠤᠳ ᠪᠦᠮᠪᠦᠭᠡ ᠵᠠᠷᠬᠡ ᠤᠷᠤᠯᠲᠤᠭᠠᠨ ᠤ ᠲᠦᠷᠤᠯ ᠵᠤᠶᠢᠯ ᠢ ᠰᠢᠨ᠎ᠠ ᠪᠠᠷ ᠨᠠᠮᠠᠵᠤ᠂ ᠰᠤᠷᠭᠠᠭᠤᠯᠢ ᠶᠢᠨ ᠬᠦᠷᠢᠶᠠᠨ ᠤ ᠨᠠᠭᠠᠲᠤᠮ ᠢᠶᠠᠨ ᠤᠯᠠᠮ  ᠪᠠᠶᠠᠯᠢᠭᠵᠢᠭᠤᠯᠤᠭᠰᠠᠨ ᠪᠠᠶᠢᠨ᠎ᠠ᠃ ᠨᠠᠭᠠᠳᠤᠮ ᠨᠢ ᠭᠤᠷᠪᠠᠨ ᠡᠳᠦᠷ ᠶᠠᠪᠤᠭᠳᠠᠬᠤ ᠪᠤᠯᠤᠨ᠎ᠠ᠃
︽ᠲᠠᠯ᠎ᠠ ᠶᠢᠨ ᠳᠠᠭᠤ ᠬᠤᠭᠤᠯᠠᠢ︾ ᠷᠠᠳᠢᠣ᠋ ᠶᠢᠨ ᠰᠤᠷᠪᠤᠯᠵᠢᠯᠠᠭᠴᠢ ᠴᠢᠩᠵᠤᠷᠢᠭᠲᠤ ᠮᠡᠳᠡᠭᠡᠯᠡᠪᠡ᠃
 
ᠢᠷᠡᠯᠲᠡ᠄ ᠲᠥᠪ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号