| | | | | | ᠣᠶᠢᠷ᠎ᠠ ᠶᠢᠨ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ ᠶᠠᠨ ᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ | ᠪᠠᠶᠢᠴᠠᠭᠠᠬᠤ ᠵᠦᠪᠯᠡᠯ ᠤᠨ ᠨᠠᠮ ᠤᠨ ᠶᠡᠷᠦᠩᠬᠡᠢ ᠡᠭᠦᠷ ᠤᠨ ᠠᠵᠢᠯ ᠢᠶᠠᠨ ᠥᠷᠨᠢᠭᠦᠯᠵᠤ ᠪᠠᠶᠢᠭ᠎ᠠ ᠪᠠᠶᠢᠳᠠᠯ ᠤᠨ ᠲᠤᠬᠠᠢ | ᠰᠣᠨᠤᠰᠴᠤ᠂ ᠮᠠᠨ ᠤ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠣᠲᠠᠯᠠᠭᠰᠠᠨ ᠪᠥᠭᠡᠳ | ᠵᠢᠯᠤᠭᠤᠳᠬᠤ ᠰᠠᠨᠠᠯ ᠳᠤᠷᠠᠳᠪᠠ᠃ | ᠶᠠᠨ ᠢ ᠵᠢᠭᠠᠵᠤ ᠭᠠᠷᠭᠠᠭᠰᠠᠨ ᠨᠢ᠂ ᠨᠠᠮ ᠤᠨ ᠡᠭᠦᠷ ᠤᠨ ᠠᠵᠢᠯ ᠪᠣᠯ ᠨᠠᠮ ᠤᠨ ᠪᠠᠶᠢᠭᠤᠯᠤᠯᠲᠠ ᠶᠢᠨ | ᠠᠵᠢᠯ ᠤᠨ《ᠰᠦᠨᠡᠰᠤ》ᠮᠦᠨ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠪᠠᠬᠢᠯᠡᠯᠲᠡ ᠶᠢ ᠨᠠᠮ ᠤᠨ ᠭᠡᠰᠢᠬᠦᠨ ᠪᠦᠷᠢ ᠶᠢᠨ ᠰᠡᠳᠬᠢᠯ ᠳᠤ ᠬᠠᠳᠠᠩᠰᠢᠭᠤᠯᠤᠨ᠂《ᠭᠤᠷᠪᠠᠨ ᠬᠤᠷᠠᠯ | ᠨᠢᠭᠡ ᠬᠢᠴᠢᠶᠡᠯ》 ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠂ ᠨᠠᠮ ᠤᠨ ᠭᠡᠰᠢᠭᠦᠳ ᠤᠨ | ᠦᠵᠡᠯ ᠰᠠᠨᠠᠭ᠎ᠠ ᠨᠢᠭᠡᠳᠪᠡᠯ᠂ ᠦᠢᠯᠡ ᠠᠵᠢᠯᠯᠠᠭ᠎ᠠ ᠰᠠᠶ᠋ᠢ ᠨᠢᠭᠡᠳᠴᠤ ᠴᠢᠳᠠᠨ᠎ᠠ᠃ ᠨᠠᠮ ᠤᠨ ᠪᠠᠶᠢᠭᠤᠯᠤᠯᠲᠠ ᠪᠣᠯᠤᠨ | ᠲᠤᠬᠠᠶᠢᠯᠠᠭᠰᠠᠨ ᠠᠵᠢᠯ ᠤᠨ ᠬᠠᠷᠢᠴᠠᠭ᠎ᠠ ᠶᠢ ᠡᠷᠬᠡᠪᠰᠢ ᠰᠠᠶᠢᠲᠤᠷ ᠰᠢᠢᠳᠪᠦᠷᠢᠯᠡᠵᠦ᠂ ᠪᠤᠳᠠᠲᠠᠢ ᠠᠵᠢᠯ ᠤᠨ | ᠳᠤᠮᠳᠠ ᠪᠠᠨ ᠡᠨᠡ ᠬᠤᠶᠠᠷ ᠤᠨ ᠬᠤᠯᠪᠤᠭ᠎ᠠ ᠶᠢ ᠠᠩᠬᠠᠷᠴᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠥᠬᠦ | ᠲᠠᠯ᠎ᠠ ᠶᠢ ᠤᠳᠤᠷᠢᠳᠬᠤ ᠦᠢᠯᠡᠳᠦᠯ ᠢ ᠢᠯᠷᠡᠭᠦᠯᠵᠤ᠂ ᠲᠤᠬᠠᠶᠢᠯᠠᠭᠰᠠᠨ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ | ᠲᠠᠢ ᠠᠭᠤᠰᠤᠯᠴᠠᠭᠤᠯᠤᠨ᠂《ᠬᠤᠶᠠᠷ ᠲᠠᠯᠠᠲᠤ》ᠪᠣᠯᠬᠤ ᠠᠴᠠ ᠵᠠᠶᠢᠯᠠᠰᠬᠢᠬᠤ ᠬᠡᠷᠡᠭᠲᠡᠢ᠃ ᠨᠠᠮ ᠤᠨ | ᠪᠠᠶᠢᠭᠤᠯᠤᠯᠲᠠ ᠶᠢᠨ ᠠᠵᠢᠯ ᠵᠦᠪᠬᠡᠨ ᠨᠠᠮ ᠤᠨ ᠡᠭᠦᠷ ᠤᠨ ᠱᠦᠵᠢ ᠪᠠ ᠨᠠᠮ ᠤᠨ ᠡᠭᠦᠷ ᠤᠨ ᠭᠡᠰᠢᠬᠦᠨ ᠳᠤ | ᠲᠦᠰᠢᠭᠯᠡᠬᠦ ᠪᠢᠰᠢ᠂ ᠨᠠᠮ ᠤᠨ ᠭᠡᠰᠢᠭᠦᠳ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠣᠷᠤᠯᠴᠠᠬᠤ ᠢᠳᠡᠪᠬᠢᠵᠢᠯ ᠢ | ᠭᠦᠢᠴᠡᠳ ᠳᠠᠶᠢᠴᠢᠯᠠᠵᠤ᠂ ᠬᠠᠮᠲᠤ ᠶᠢᠨ ᠬᠦᠴᠦᠨ ᠢ ᠪᠦᠷᠢᠯᠳᠦᠭᠦᠯᠵᠤ᠂ ᠮᠠᠨ ᠤ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠪᠥᠬᠦ ᠰᠢᠶᠠᠨ ᠤ ᠲᠡᠷᠢᠭᠦᠨ ᠳᠤ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | ᠶᠠᠨ ᠢ ᠱᠠᠭᠠᠷᠳᠠᠭᠰᠠᠨ ᠨᠢ᠂ ᠣᠳᠤᠷᠢᠳᠤᠯᠭ᠎ᠠ ᠠᠴᠠ ᠲᠦᠷᠦᠭᠦᠯᠡᠨ ᠨᠠᠮ ᠤᠨ ᠬᠢᠴᠢᠶᠡᠯ ᠣᠷᠤᠵᠤ᠂ ᠨᠠᠮ ᠤᠨ | ᠳᠣᠲᠤᠭᠠᠳᠤ ᠳᠤ ᠠᠵᠢᠯ ᠡᠭᠦᠷᠭᠡᠯᠡᠵᠤ ᠪᠠᠶᠢᠭ᠎ᠠ ᠺᠠᠳ᠋ᠷ ᠴᠦ ᠨᠠᠮ ᠤᠨ ᠬᠢᠴᠢᠶᠡᠯ ᠣᠷᠤᠬᠤ ᠬᠡᠷᠡᠭᠲᠡᠢ︔ ᠪᠣᠳᠤᠯ | ᠰᠡᠳᠬᠢᠯ ᠢᠶᠠᠨ ᠰᠣᠯᠢᠯᠴᠠᠬᠤ ᠶᠢ ᠳᠦᠷᠢᠮᠵᠢᠭᠦᠯᠵᠤ᠂ ᠬᠡᠯᠪᠡᠷᠢᠴᠢᠯᠡᠬᠦ ᠶᠢ ᠡᠰᠡᠷᠭᠦᠴᠡᠵᠤ᠂ ᠨᠠᠮ ᠤᠨ ᠭᠡᠰᠢᠭᠦᠨ ᠪᠦᠷᠢ ᠶᠢᠨ | ᠪᠤᠳᠠᠳᠤ ᠪᠠᠶᠢᠳᠠᠯ ᠪᠠ ᠬᠦᠴᠢᠷᠳᠡᠯ ᠢ ᠣᠶᠢᠯᠭᠠᠬᠤ ᠬᠡᠷᠡᠭᠲᠡᠢ᠃ ᠨᠠᠮ ᠤᠨ ᠭᠡᠰᠢᠭᠦᠨ ᠪᠣᠯᠭᠠᠨ ᠳᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ | ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ ᠭᠡᠪᠡ᠃ | ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠴᠢᠨᠠᠷᠴᠠ ᠶᠢ ᠳᠡᠭᠡᠭᠰᠢᠯᠡᠭᠦᠯᠬᠦ ᠶᠢᠨ ᠲᠥᠯᠦᠭᠡ᠂ 10 ᠳ᠋ᠤᠭᠠᠷ ᠰᠠᠷ᠎ᠠ ᠶᠢᠨ 9 ᠤ | ᠡᠳᠤᠷ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠤᠨ ᠨᠠᠮ ᠤᠨ | ᠶᠡᠷᠦᠩᠬᠡᠢ ᠡᠭᠦᠷ ᠠᠴᠠ ᠪᠠᠶᠢᠭᠤᠯᠭ᠎ᠠ ᠶᠢᠨ ᠨᠢᠭᠡᠳᠦᠭᠡᠷ᠂ ᠬᠤᠶᠠᠳᠤᠭᠠᠷ ᠨᠠᠮ ᠤᠨ ᠡᠭᠦᠷ ᠵᠢᠴᠢ ᠰᠢᠶᠠᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠨᠠᠮ ᠤᠨ ᠡᠭᠦᠷ ᠢ ᠳᠠᠭᠠᠭᠤᠯᠵᠤ ᠰᠢᠶᠠᠨ ᠤ ᠳᠣᠲᠤᠭᠠᠳᠤ ᠶᠢ | ᠬᠠᠮᠠᠭᠠᠯᠠᠬᠤ ᠲᠣᠪᠴᠢᠶ᠎ᠠ ᠳᠤ ᠬᠦᠷᠴᠤ ᠦᠵᠡᠭᠦᠯᠭᠡ ᠶᠢᠨ ᠰᠤᠷᠤᠯᠴᠠᠯᠭ᠎ᠠ ᠬᠢᠪᠡ᠃ ᠦᠵᠡᠭᠦᠯᠭᠡ ᠶᠢᠨ | ᠰᠤᠷᠤᠯᠴᠠᠯᠭ᠎ᠠ ᠶᠢᠨ ᠳᠠᠷᠠᠭ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ | ᠵᠦᠪᠯᠡᠯ ᠤᠨ ᠨᠠᠮ ᠤᠨ ᠶᠡᠷᠦᠩᠬᠡᠢ ᠡᠭᠦᠷ ᠠᠴᠠ ᠲᠡᠷᠡ ᠳᠠᠷᠤᠢ ᠳᠤ ᠨᠢ ᠬᠤᠷᠠᠯ ᠡᠷᠬᠢᠯᠡᠨ ᠬᠤᠷᠠᠯᠳᠤᠭᠤᠯᠵᠤ᠂ | ᠰᠤᠷᠤᠯᠴᠠᠯᠭ᠎ᠠ ᠶᠢᠨ ᠣᠯᠣᠯᠲᠠ ᠲᠥᠷᠦᠭᠳᠡᠯ ᠢᠶᠠᠨ ᠳ᠋ᠦᠩᠨᠡᠭᠰᠡᠨ ᠪᠥᠭᠡᠳ ᠳᠠᠷᠠᠭᠠᠴᠢ ᠶᠢᠨ ᠠᠵᠢᠯ ᠢᠶᠠᠨ ᠰᠣᠳᠤᠯᠤᠨ | ᠪᠠᠶᠢᠷᠢᠯᠠᠭᠤᠯᠪᠠ᠃ |