ᠰᠢᠨᠬᠤᠧᠠ ᠮᠣᠩᠭᠤᠯ ᠨᠧᠲ ᠬᠦᠬᠡᠬᠤᠲᠠ ᠶᠢᠨ 10 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ︵ | ᠬ᠊ • ᠦᠵᠡᠰᠭᠦᠯᠡᠩ᠂ ᠪᠠᠢ ᠯᠢᠩ ᠳ᠋ᠢ︶ ᠪ᠊ • ᠪᠦᠷᠢᠪᠠᠬᠢ ᠶᠢᠨ ᠮᠡᠨᠳᠦᠯᠡᠭᠰᠡᠨ 90 ᠵᠢᠯ ᠤᠨ ᠤᠢ ᠶᠢ | ᠲᠤᠷᠠᠰᠬᠠᠬᠤ ᠵᠢᠴᠢ ᠮᠣᠩᠭᠤᠯ ᠰᠢᠯᠦᠭ ᠵᠦᠢ ᠰᠤᠲᠤᠯᠤᠯ ᠤᠨ ᠡᠷᠲᠡᠮ ᠰᠢᠨᠵᠢᠯᠡᠭᠡᠨ ᠤ ᠬᠤᠷᠠᠯ 10 ᠰᠠᠷ᠎ᠠ ᠶᠢᠨ | 14 ᠤ ᠡᠲᠦᠷ ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠪᠤᠯᠵᠤ ᠦᠩᠭᠡᠷᠡᠪᠡ᠃ | | | | | | | | | | | | | ᠤᠭ ᠠᠵᠢᠯᠯᠠᠭᠠᠨ ᠤ ᠦᠶ᠎ᠠ ᠪᠠᠷ ᠪ᠊ • ᠪᠦᠷᠢᠪᠠᠬᠢ ᠶᠢᠨ ᠮᠣᠩᠭᠤᠯ ᠰᠢᠯᠦᠭ ᠤᠨ ᠤᠨᠤᠯ ᠦᠢᠯᠡᠳᠦᠯᠭᠡ ᠶᠢᠨ | ᠰᠤᠲᠤᠯᠭᠠᠨ᠂ ᠮᠣᠩᠭᠤᠯ ᠰᠢᠯᠦᠭ ᠤᠨ ᠭᠤᠸ᠎ᠠ ᠵᠦᠢ ᠪᠠ ᠮᠣᠩᠭᠤᠯ ᠪᠠᠭᠠᠲᠤᠷᠯᠢᠭ ᠲᠤᠤᠯᠢᠰ ᠤᠨ ᠰᠢᠯᠦᠭ ᠵᠦᠢ ᠶᠢᠨ | ᠰᠢᠰᠲ᠋ᠧᠮ ᠤᠨ ᠲᠠᠯ᠎ᠠ ᠪᠠᠷ ᠦᠵᠡᠬᠦᠯᠦᠭᠰᠡᠨ ᠭᠠᠪᠢᠶ᠎ᠠ ᠵᠢᠳᠬᠦᠯ ᠢ ᠦᠨᠳᠦᠷ ᠦᠨᠡᠯᠡᠵᠦ᠂ ᠬᠠᠮᠢᠶᠠᠲᠠᠢ ᠡᠷᠲᠡᠮᠲᠡᠨ | ᠰᠤᠲᠤᠯᠭᠠᠲᠠᠳ ᠠᠴᠠ ᠮᠣᠩᠭᠤᠯ ᠰᠢᠯᠦᠭ ᠵᠦᠢ ᠶᠢᠨ ᠰᠤᠲᠤᠯᠭᠠᠨ ᠤ ᠲᠤᠭᠤᠷᠢᠨ ᠳᠤ ᠦᠵᠡᠯ ᠪᠤᠲᠤᠯ ᠢᠶᠠᠨ | ᠴᠢᠯᠦᠭᠡᠲᠡᠢ ᠲᠡᠯᠭᠡᠨ ᠦᠬᠦᠯᠡᠯ ᠤᠩᠰᠢᠵᠤ ᠪ᠊ • ᠪᠦᠷᠢᠪᠠᠬᠢ ᠶᠢᠨ ᠮᠡᠨᠲᠦᠯᠡᠭᠰᠡᠨ 90 ᠵᠢᠯ ᠤᠨ ᠤᠢ ᠶᠢ ᠲᠤᠷᠠᠰᠬᠠᠨ | ᠲᠡᠮᠲᠡᠭᠯᠡᠭᠰᠡᠨ ᠪᠠᠶᠢᠨ᠎ᠠ᠃ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠲᠡᠳ᠋ ᠵᠠᠬᠢᠷᠤᠯ ᠡᠷᠬᠢᠮᠪᠠᠶᠠᠷ᠄ ︽ᠪ᠊ • | ᠪᠦᠷᠢᠪᠠᠬᠢ ᠪᠠᠭᠰᠢ ᠶᠢᠨ ᠨᠢᠭᠡ ᠨᠠᠰᠤ ᠪᠤᠯ ᠲᠡᠮᠡᠴᠡᠭᠰᠡᠨ ᠨᠢᠭᠡ ᠨᠠᠰᠤ᠂ ᠭᠠᠷᠮᠠᠭᠠᠶᠢᠯᠠᠨ ᠵᠢᠳᠬᠦᠭᠰᠡᠨ ᠨᠢᠭᠡ ᠨᠠᠰᠤ᠂ | ᠭᠢᠯᠠᠯᠵᠠᠭᠰᠠᠨ ᠨᠢᠭᠡ ᠨᠠᠰᠤ ᠪᠤᠯᠤᠨ᠎ᠠ᠃ ᠦᠪᠡᠷ ᠤᠨ ᠡᠷᠬᠢᠮ ᠨᠠᠨᠳᠢᠨ ᠨᠢᠭᠡ ᠨᠠᠰᠤᠨ ᠤ ᠠᠯᠢᠪᠠ ᠪᠦᠬᠦᠨ ᠢᠶᠠᠨ ᠨᠠᠮ | ᠠᠷᠠᠳ ᠲᠦᠮᠡᠨ᠂ ᠦᠨᠳᠦᠰᠦᠲᠡᠨ ᠳᠡᠭᠡᠨ ᠵᠤᠷᠢᠭᠤᠯᠤᠭᠰᠠᠨ ᠪᠠᠶᠢᠨ᠎ᠠ᠃ ᠪ᠊ • ᠪᠦᠷᠢᠪᠠᠬᠢ ᠪᠠᠭᠰᠢ ᠪᠤᠯ ᠦᠪᠦᠷ | ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠦᠢᠯᠡᠰ ᠤᠨ ᠴᠢᠬᠤᠯᠠ ᠰᠠᠭᠤᠷᠢᠯᠠᠭᠴᠢ ᠶᠢᠨ ᠨᠢᠭᠡ | ᠪᠤᠯᠤᠨ᠎ᠠ᠂ ᠲᠡᠷᠡᠪᠡᠷ ᠠᠯᠢᠪᠠ ᠪᠦᠬᠦᠨ ᠢᠶᠠᠨ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ | ᠰᠤᠲᠤᠯᠤᠯ ᠤᠨ ᠦᠢᠯᠡᠰ ᠤᠨ ᠬᠦᠭᠵᠢᠯᠲᠠ ᠳᠤ ᠵᠤᠷᠢᠭᠤᠯᠤᠨ᠂ ᠮᠣᠩᠭᠤᠯ ᠰᠤᠲᠤᠯᠤᠯ ᠤᠨ ᠦᠢᠯᠡᠰ ᠤᠨ | ᠢᠷᠡᠭᠡᠲᠦᠢ ᠶᠢ ᠬᠦᠭᠵᠢᠬᠦᠯᠬᠦ ᠳᠤ ᠨᠠᠰᠤ ᠪᠠᠷ ᠢᠶᠠᠨ ᠵᠢᠳᠬᠦᠭᠰᠡᠨ ᠶᠤᠮ᠂ ᠲᠡᠷᠡᠴᠢᠯᠡᠨ ᠲᠡᠯᠡᠬᠡᠢ ᠶᠢᠨ ᠮᠣᠩᠭᠤᠯ | ᠰᠤᠲᠤᠯᠤᠯ ᠤᠨ ᠦᠢᠯᠡᠰ ᠤᠨ ᠬᠦᠭᠵᠢᠯᠲᠠ ᠳᠤ ᠮᠠᠰᠢ ᠶᠡᠭᠡ ᠭᠠᠪᠢᠶ᠎ᠠ ᠵᠢᠳᠬᠦᠯ ᠦᠵᠡᠬᠦᠯᠦᠭᠰᠡᠨ ᠶᠤᠮ᠃ ᠪ᠊ • | ᠪᠦᠷᠢᠪᠠᠬᠢ ᠪᠠᠭᠰᠢ ᠶᠢᠨ ᠮᠣᠩᠭᠤᠯ ᠰᠤᠲᠤᠯᠤᠯ ᠤᠨ ᠦᠢᠯᠡᠰ ᠵᠢᠴᠢ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ | ᠴᠢᠲᠠᠪᠤᠷᠢᠲᠠᠨ ᠬᠦᠮᠦᠵᠢᠬᠦᠯᠬᠦ᠂ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠳᠤ ᠦᠵᠡᠬᠦᠯᠦᠭᠰᠡᠨ ᠬᠤᠪᠢ | ᠨᠡᠮᠡᠷᠢ ᠶᠢ ᠦᠨᠢ ᠡᠭᠦᠷᠢᠲᠡ ᠲᠤᠷᠠᠰᠬᠠᠨ ᠲᠡᠮᠲᠡᠭᠯᠡᠵᠦ᠂ ᠪᠦᠬᠦ ᠪᠠᠭᠰᠢ ᠤᠶᠤᠲᠠᠨ ᠢ ᠲᠠᠶᠢᠴᠢᠯᠠᠬᠤ ᠶᠢᠨ ᠲᠦᠯᠦᠭᠡ | ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠳᠤ ᠪ᠊ • | ᠪᠦᠷᠢᠪᠠᠬᠢ ᠪᠠᠭᠰᠢ ᠶᠢᠨ ᠱᠤᠭᠤᠮᠠᠯ ᠢ ᠪᠤᠰᠬᠠᠬᠰᠠᠨ ᠪᠠᠶᠢᠨ᠎ᠠ︾ ᠭᠡᠵᠡᠢ᠃ | ᠪ᠊ • ᠪᠦᠷᠢᠪᠠᠬᠢ 1928 ᠤᠨ ᠤ 2 ᠰᠠᠷ᠎ᠠ ᠶᠢᠨ 26 ᠤ ᠡᠲᠦᠷ ᠤᠤᠯ ᠤᠨ ᠵᠤᠤ ᠤᠲᠠ ᠠᠶᠢᠮᠠᠭ ᠤᠨ | ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ ᠰᠤᠮᠤᠨ ᠳᠤ ᠲᠦᠷᠦᠵᠡᠢ᠃ ᠲᠡᠷᠡ ᠪᠤᠯ ᠤᠯᠤᠰ ᠤᠨ ᠲᠤᠲᠤᠨ᠎ᠠ | ᠭᠠᠲᠠᠨ᠎ᠠ ᠠᠯᠲᠠᠷᠰᠢᠭᠰᠠᠨ ᠮᠣᠩᠭᠤᠯ ᠦᠨᠳᠦᠰᠦᠲᠡᠨ ᠤ ᠤᠲᠤ ᠦᠶ᠎ᠠ ᠶᠢᠨ ᠠᠯᠲᠠᠷᠲᠤ ᠰᠢᠯᠦᠭᠴᠢ᠂ ᠡᠷᠲᠡᠮ | ᠰᠢᠨᠵᠢᠯᠡᠭᠡᠨ ᠤ ᠬᠢᠨ ᠳᠤ ᠠᠯᠲᠠᠷᠰᠢᠭᠰᠠᠨ ᠰᠢᠯᠦᠭ ᠤᠨ ᠤᠨᠤᠯᠴᠢ᠂ ᠡᠷᠲᠡᠮᠲᠡᠨ ᠮᠦᠨ᠃ ︽ᠰᠠᠶᠢᠨ ᠢᠷᠡᠪᠡᠦ᠂ | ᠬᠠᠪᠤᠷ ᠡ︾᠂ ︽ᠰᠢᠵᠢᠷ ᠠᠯᠲᠠᠨ ᠤᠯᠠᠷᠢᠯ︾᠂ ︽ᠠᠯᠲᠠᠨ ᠤᠨᠠᠭ᠎ᠠ︾ ᠵᠡᠷᠭᠡ 18 ᠰᠢᠯᠦᠭ ᠤᠨ ᠲᠡᠭᠦᠪᠦᠷᠢ ᠨᠢ | ᠮᠣᠩᠭᠤᠯ ᠦᠨᠳᠦᠰᠦᠲᠡᠨ ᠤ ᠤᠲᠤ ᠦᠶ᠎ᠠ ᠶᠢᠨ ᠤᠳᠬ᠎ᠠ ᠵᠤᠬᠢᠶᠠᠯ ᠤᠨ ᠲᠡᠦᠬᠡᠨ ᠳᠤ ᠨᠢᠭᠡᠨ ᠰᠢᠨ᠎ᠡ ᠤᠷᠭᠢᠯ ᠪᠤᠯᠤᠨ | ᠰᠦᠨᠲᠡᠷᠯᠡᠭᠰᠡᠨ ᠪᠠᠶᠢᠨ᠎ᠠ᠃ ︵ᠵᠢᠷᠤᠭ ᠢ ᠦᠪᠦᠷ ᠮᠣᠩᠭᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ | ᠰᠡᠳᠬᠦᠯ ᠤᠨ ᠬᠤᠷᠢᠶᠠᠨ ᠤ ᠰᠤᠷᠪᠤᠯᠵᠢᠯᠠᠭᠴᠢ ᠰᠦᠯᠲᠡ ᠬᠠᠩᠭᠠᠪᠠ︶ |