ᠴᠢᠩ ᠱᠦᠢ ᠾᠧ ᠰᠢᠶᠠᠨ 2018 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠰᠡᠷᠭᠦᠭᠡᠭᠰᠡᠨ ᠨᠣᠷᠮ᠎ᠠ ᠨᠢ 87.8% ᠳᠤ ᠬᠦᠷᠪᠡ
ᠨᠡᠶᠢᠲᠡᠯᠡᠭᠰᠡᠨ ᠴᠠᠭ᠄
2018-10-17
     2018 ᠣᠨ ᠳᠤ᠂ ᠴᠢᠩ ᠱᠦᠢ ᠾᠧ ᠰᠢᠶᠠᠨ ᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠨᠢ ᠨᠡᠶᠢᠲᠡ 49 ᠵᠦᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 76.35 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ 43 ᠲᠥᠷᠥᠯ ᠵᠦᠢᠯ ᠨᠢ ᠠᠵᠢᠯ ᠰᠡᠷᠭᠦᠭᠡᠵᠦ᠂ ᠠᠵᠢᠯ ᠰᠡᠷᠭᠦᠭᠡᠭᠰᠡᠨ ᠨᠣᠷᠮ᠎ᠠ ᠨᠢ 87.8% ᠳᠤ ᠬᠦᠷᠪᠡ᠃ ᠪᠣᠳᠠᠲᠠᠶ ᠪᠠᠶᠢᠳᠠᠯ ᠨᠢ ᠳᠣᠣᠷᠠᠬᠢ ᠮᠡᠲᠦ᠄ ᠲᠡᠰ ᠳᠠᠪᠬᠤᠷᠭ᠎ᠠ ᠪᠠᠷ ᠠᠩᠭᠢᠯᠠᠪᠠᠯ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠭᠰᠠᠨ ᠲᠥᠷᠥᠯ ᠵᠦᠢᠯ 2 ᠵᠦᠢᠯ᠂ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠭᠰᠠᠨ 34 ᠵᠦᠢᠯ ︵ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠦᠷᠦᠯ ᠵᠦᠢᠯ ᠳᠤ ᠵᠢᠭᠰᠠᠭᠠᠭᠳᠠᠭᠰᠠᠨ 2 ᠵᠦᠢᠯ ᠪᠠᠭᠲᠠᠨ᠎ᠠ︶᠂ ᠰᠢᠶᠠᠨ ᠤ ᠲᠣᠰ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠭᠰᠠᠨ 15 ᠵᠦᠢᠯ ᠪᠤᠢ︔ ᠪᠦᠳᠦᠭᠡᠠ ᠪᠠᠶᠢᠭᠤᠯᠬᠤ ᠰᠢᠨᠵᠢ ᠴᠢᠨᠠᠷ ᠢᠶᠠᠷ ᠨᠢ ᠠᠩᠭᠢᠯᠠᠪᠠᠯ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 25 ᠵᠦᠢᠯ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 24 ᠵᠦᠢᠯ ᠪᠤᠢ︔ ᠲᠥᠷᠥᠯ ᠵᠦᠢᠯ ᠤᠨ ᠲᠥᠷᠥᠯ ᠢᠯᠭᠠᠭ᠎ᠠ ᠪᠠᠷ ᠠᠩᠭᠢᠯᠠᠪᠠᠯ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ 10 ᠵᠦᠢᠯ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ 3 ᠵᠦᠢᠯ᠂ ᠠᠮᠢ ᠠᠬᠤᠶ ᠣᠷᠴᠢᠨ ᠲᠣᠭᠤᠷᠢᠨ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ 5 ᠵᠦᠢᠯ᠂ ᠨᠡᠶᠢᠭᠡᠮ ᠤᠨ ᠠᠵᠢᠯ ᠦᠢᠯᠡᠰ ᠪᠠ ᠠᠷᠠᠳ ᠤᠨ ᠠᠮᠢᠳᠤᠷᠠᠯ ᠤᠨ ᠲᠥᠷᠥᠯ ᠵᠦᠢᠯ 16 ᠵᠦᠢᠯ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ 5 ᠵᠦᠢᠯ᠂ ᠲᠠᠷᠢᠶᠠᠯᠠᠩ ᠮᠠᠯ ᠠᠵᠤ ᠠᠬᠤᠶ ᠤᠰᠤᠨ ᠤ ᠲᠥᠷᠥᠯ ᠵᠦᠢᠯ 9 ᠵᠦᠢᠯ ᠂ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ 1 ᠵᠦᠢᠯ ᠪᠣᠢ︔ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠪᠠᠷ ᠠᠩᠭᠢᠯᠠᠪᠠᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 28 ᠵᠦᠢᠯ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 21 ᠵᠦᠢᠯ ᠪᠠᠶᠢᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号