ᠥᠪᠡᠷᠲᠡᠭᠡᠨ ᠵᠠᠰᠠᠬᠤ ᠣᠷᠤᠨ ᠠᠴᠠ ᠦᠴᠦᠸᠠᠨ ᠰᠢᠶᠠᠨ ᠳᠤ 5 ᠨᠡᠷ᠎ᠡ ᠰᠤᠩᠭᠤᠨ ᠠᠪᠤᠭᠰᠠᠨ ᠰᠤᠷᠤᠭᠴᠢ ᠲᠣᠬᠢᠷᠠᠭᠤᠯᠪᠠ
ᠨᠡᠶᠢᠲᠡᠯᠡᠭᠰᠡᠨ ᠴᠠᠭ᠄
2018-10-17
     ᠣᠶᠢᠷ᠎ᠠ ᠶᠢᠨ ᠡᠳᠤᠷ᠂ ᠥᠪᠡᠷᠲᠡᠭᠡᠨ ᠵᠠᠰᠠᠬᠤ ᠣᠷᠤᠨ ᠠᠴᠠ ᠮᠠᠨ ᠤ ᠰᠢᠶᠠᠨ ᠳᠤ 5 ᠨᠡᠷ᠎ᠡ ᠶᠡᠭᠡ ᠰᠤᠷᠭᠠᠭᠤᠯᠢ ᠶᠢᠨ ᠰᠤᠷᠤᠭᠴᠢ ᠰᠤᠩᠭᠤᠨ ᠲᠣᠬᠢᠷᠠᠭᠤᠯᠵᠤ ᠵᠢᠩᠬᠢᠨᠢ ᠪᠠᠷ ᠠᠵᠢᠯᠯᠠᠭᠤᠯᠪᠠ᠃ ᠥᠪᠡᠷᠲᠡᠭᠡᠨ ᠵᠠᠰᠠᠬᠤ ᠣᠷᠤᠨ ᠤ ᠬᠤᠯᠪᠤᠭᠳᠠᠯ ᠪᠥᠬᠦᠢ ᠱᠠᠭᠠᠷᠳᠠᠯᠭ᠎ᠠ ᠪᠠᠷ᠂ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠺᠠᠳ᠋ᠷᠴᠤᠳ ᠢ ᠬᠥᠮᠦᠵᠢᠭᠦᠯᠬᠦ ᠶᠢᠨ ᠲᠤᠰᠠᠲᠠ᠂ ᠲᠤᠰ ᠪᠥᠯᠦᠭ ᠰᠤᠩᠭᠤᠨ ᠠᠪᠤᠭᠰᠠᠨ ᠰᠤᠷᠤᠭᠴᠢ ᠶᠢ ᠪᠥᠬᠦᠨ ᠢ ᠮᠠᠨ ᠤ ᠰᠢᠶᠠᠨ ᠤ ᠡᠯ᠎ᠡ ᠰᠢᠶᠠᠩ ᠪᠠᠯᠭᠠᠰᠤᠨ ᠳᠤ ᠲᠣᠬᠢᠷᠠᠭᠤᠯᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠳ᠋ᠦᠩ ᠱᠧᠩ ᠰᠤᠩᠭᠤᠨ ᠠᠪᠤᠭᠰᠠᠨ ᠰᠤᠷᠤᠭᠴᠢᠳ ᠲᠠᠢ ᠠᠭᠤᠯᠵᠠᠨ‌‍ᠶᠠᠷᠢᠯᠴᠠᠵᠤ᠂ ᠰᠤᠩᠭᠤᠨ ᠠᠪᠤᠭᠰᠠᠨ ᠰᠤᠷᠤᠭᠴᠢᠳ ᠤᠨ ᠦᠴᠦᠸᠠᠨ ᠰᠢᠶᠠᠨ ᠳᠤ ᠢᠷᠡᠵᠤ ᠠᠵᠢᠯᠯᠠᠵᠤ᠂ ᠰᠤᠷᠤᠯᠴᠠᠵᠤ᠂ ᠠᠮᠢᠳᠤᠷᠠᠬᠤ ᠪᠣᠯᠤᠭᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠦᠭᠡᠳ ᠬᠦᠰᠡᠯ ᠨᠠᠶᠢᠳᠠᠯᠭ᠎ᠠ ᠪᠠᠨ ᠳᠤᠷᠠᠳᠪᠠ᠃ ᠯᠢᠦ ᠳ᠋ᠦᠩ ᠱᠧᠩ ᠴᠢᠩᠭᠠᠳᠬᠠᠭᠰᠠᠨ ᠨᠢ᠂ ᠣᠯᠠᠨ ᠢᠶᠠᠷ ᠢᠶᠠᠨ ᠨᠠᠮ ᠤᠨ ᠤᠯᠤᠰ ᠲᠥᠷᠦ ᠶᠢᠨ ᠣᠨᠤᠯ ᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠤᠭᠠᠢ ᠪᠠᠨ ᠵᠡᠪᠰᠡᠭᠯᠡᠬᠦ ᠬᠡᠷᠡᠭᠲᠡᠢ᠃ ᠬᠦᠳᠡᠭᠡ ᠲᠤᠰᠬᠤᠨ ᠤ ᠠᠵᠢᠯᠯᠠᠬᠤ ᠣᠷᠴᠢᠨ ᠳᠤ ᠬᠤᠷᠳᠤᠬᠠᠨ ᠳᠠᠰᠤᠴᠣ᠂ ᠦᠨᠳᠦᠰᠦᠨ ᠱᠠᠲᠤᠨ ᠳᠤ ᠦᠨᠳᠦᠰᠦᠯᠡᠵᠤ᠂ ᠲᠡᠰᠪᠦᠷᠢ ᠲᠡᠪᠴᠢᠶᠡᠷᠢ ᠲᠠᠢ ᠪᠠᠶᠢᠵᠤ᠂ ᠬᠦᠨᠳᠤ ᠡᠭᠦᠷᠭᠡ ᠶᠢ ᠵᠣᠷᠢᠭᠲᠠᠢ ᠡᠭᠦᠷᠭᠡᠯᠡᠵᠤ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠢᠳᠡᠪᠬᠢᠯᠡᠨ ᠳᠠᠪᠰᠢᠬᠤ ᠣᠪᠤᠷ ᠰᠤᠷᠲᠠᠯ ᠢ ᠪᠠᠷᠢᠮᠲᠠᠯᠠᠵᠤ᠂ ᠨᠣᠭᠤᠷᠢᠯ ᠪᠥᠳᠦᠷᠢᠯ ᠳᠤ ᠬᠠᠨᠳᠤᠵᠤ᠂ ᠬᠦᠴᠢᠷ ᠢ ᠲᠤᠭᠤᠯᠬᠤ ᠳᠣᠮᠳᠠ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠭᠡᠪᠡ᠃      ᠯᠢᠦ ᠳ᠋ᠦᠩ ᠱᠧᠩ ᠱᠠᠭᠠᠷᠳᠠᠭᠰᠠᠨ ᠨᠢ᠂ ᠡᠯ᠎ᠡ ᠬᠦᠯᠢᠶᠡᠨ ᠠᠪᠬᠤ ᠰᠢᠶᠠᠩ ᠪᠠᠯᠭᠠᠰᠤ ᠴᠢᠩᠭ᠎ᠠ ᠬᠠᠮᠢᠶᠠᠷᠬᠤ ᠪᠠ ᠬᠠᠯᠠᠮᠵᠢ ᠲᠤᠰᠠᠯᠠᠮᠵᠢ ᠦᠵᠡᠭᠦᠯᠬᠦ ᠶᠢ ᠤᠶᠠᠯᠳᠤᠭᠤᠯᠤᠨ᠂ ᠦᠵᠡᠯ ᠰᠠᠨᠠᠭ᠎ᠠ᠂ ᠠᠵᠢᠯ ᠠᠮᠢᠳᠤᠷᠠᠯ ᠳᠡᠭᠡᠷ᠎ᠡ ᠰᠤᠩᠭᠤᠨ ᠠᠪᠤᠭᠰᠠᠨ ᠰᠤᠷᠤᠭᠴᠢ ᠶᠢ ᠬᠠᠶᠢᠷᠠᠯᠠᠨ ᠬᠠᠯᠠᠮᠵᠢᠯᠠᠵᠤ᠂ ᠬᠠᠮᠵᠢᠯᠴᠠᠨ ᠶᠠᠳᠠᠭᠤ ᠶᠢ ᠲᠡᠳᠬᠦᠬᠦ ᠳᠦᠷᠢᠮ ᠢ ᠲᠣᠭᠲᠠᠭᠠᠵᠤ᠂ ᠳᠠᠮᠵᠢᠭᠤᠯᠬᠤ᠂ ᠬᠠᠪᠰᠤᠷᠬᠤ᠂ ᠳᠠᠭᠠᠭᠤᠯᠬᠤ ᠠᠵᠢᠯ ᠢ ᠰᠠᠶᠢᠲᠤᠷ ᠬᠢᠵᠤ᠂ ᠰᠤᠩᠭᠤᠨ ᠠᠪᠤᠭᠰᠠᠨ ᠰᠤᠷᠤᠭᠴᠢᠳ ᠤᠨ ᠠᠵᠢᠯ ᠠᠮᠢᠳᠤᠷᠠᠯ ᠳᠡᠭᠡᠷᠡᠬᠢ ᠠᠰᠠᠭᠤᠳᠠᠯ ᠢ ᠡᠪᠲᠠᠢ ᠰᠢᠢᠳᠪᠦᠷᠢᠯᠡᠵᠦ᠂ ᠰᠣᠩᠭᠤᠨ ᠠᠪᠤᠭᠰᠠᠨ ᠰᠤᠷᠤᠭᠴᠢᠳ ᠤᠨ ᠴᠢᠳᠠᠪᠤᠷᠢᠲᠠᠨ ᠪᠣᠯᠵᠤ ᠦᠰᠦᠨ ᠪᠣᠶᠢᠵᠢᠬᠤ ᠳᠤ ᠬᠠᠪᠰᠤᠷᠤᠯᠭ᠎ᠠ ᠳᠡᠮᠵᠢᠯᠭᠡ ᠦᠵᠡᠭᠦᠯᠬᠦ ᠬᠡᠷᠡᠭᠲᠡᠢ ᠭᠡᠪᠡ᠃      ᠡᠭᠦᠨ ᠤ ᠳᠠᠭᠤ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠰᠤᠩᠭᠤᠨ ᠠᠪᠤᠭᠰᠠᠨ ᠰᠤᠷᠤᠭᠴᠢᠳ ᠢ ᠵᠣᠬᠢᠶᠠᠨ ᠪᠠᠶᠢᠭᠤᠯᠵᠤ ᠳᠡᠭᠡᠷ᠎ᠡ ᠲᠣᠬᠤᠢ ᠰᠢᠶᠠᠩ ᠤᠨ ᠮᠠ ᠸᠠᠩ ᠮᠢᠶᠣᠣ ᠲᠤᠰᠬᠤᠨ᠂ ᠳᠡᠭᠡᠷ᠎ᠡ ᠲᠣᠬᠤᠢ ᠲᠤᠰᠬᠤᠨ᠂ ᠬᠠᠰᠢᠶᠠᠲᠤ ᠲᠤᠰᠬᠤᠨ᠂ ᠯᠢᠦ ᠵᠢᠶᠠ ᠲᠤᠰᠬᠤᠨ ᠤ ᠨᠠᠮ ᠤᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠢ ᠲᠣᠭᠤᠷᠢᠨ ᠰᠤᠷᠤᠯᠴᠠᠭᠤᠯᠵᠤ᠂ ᠲᠡᠳᠡᠨ ᠤ ᠡᠷᠲᠡᠬᠡᠨ ᠰᠢᠶᠠᠩ ᠪᠠᠯᠭᠠᠰᠤᠨ ᠤ ᠠᠵᠢᠯ ᠳᠤ ᠳᠠᠰᠤᠬᠤ ᠳᠤ ᠰᠠᠭᠤᠷᠢ ᠲᠠᠯᠪᠢᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号