ᠦᠴᠦᠸᠠᠨ ᠰᠢᠶᠠᠨ ᠶᠠᠳᠠᠭᠤ ᠬᠦᠴᠢᠷᠳᠡᠯᠲᠠᠢ ᠰᠢᠶᠠᠨ ᠠᠴᠠ ᠤᠬᠤᠷᠢᠨ ᠭᠠᠷᠬᠤ ᠬᠤᠲᠠ ᠶᠢᠨ ᠳᠡᠰ ᠤᠨ ᠠᠩᠬᠠᠨ ᠤ ᠬᠢᠨᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-10-19
     10 ᠳ᠋ᠤᠭᠠᠷ ᠰᠠᠷ᠎ᠠ ᠶᠢᠨ11 ᠤ ᠡᠳᠤᠷ᠂ ᠬᠤᠲᠠ ᠶᠢᠨ ᠬᠦᠳᠡᠭᠡ ᠲᠤᠰᠬᠤᠨ ᠤ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠦᠨ ᠢᠣᠢ ᠲᠢᠩ ᠵᠡᠷᠭᠡ ᠬᠤᠲᠠ ᠶᠢᠨ ᠳᠡᠰ ᠤᠨ ᠠᠩᠬᠠᠨ ᠤ ᠬᠢᠨᠠᠯᠲᠠ ᠶᠢᠨ ᠳᠤᠭᠤᠶᠢᠯᠠᠩ ᠤᠨ ᠬᠢᠨ ᠦᠴᠦᠸᠠᠨ ᠰᠢᠶᠠᠨ ᠳᠤ ᠢᠷᠡᠵᠤ᠂ ᠦᠴᠦᠸᠠᠨ ᠰᠢᠶᠠᠨ ᠤ ᠶᠠᠳᠠᠭᠤ ᠬᠦᠴᠢᠷᠳᠡᠯᠲᠠᠢ ᠰᠢᠶᠠᠨ ᠡᠴᠠ‌ᠤᠬᠤᠷᠢᠨ ᠭᠠᠷᠬᠤ ᠳᠤ ᠠᠩᠬᠠᠨ ᠤ ᠬᠢᠨᠠᠯᠲᠠ ᠬᠢᠭᠰᠡᠨ ᠪᠥᠭᠡᠳ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠠᠩ ᠵᠦᠩ ᠭᠠᠩ ᠬᠤᠷᠠᠯ ᠳᠤ ᠣᠷᠤᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠸᠧᠨ ᠪᠢᠶᠤᠤ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠡᠷᠭᠡ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠶᠢᠨ ᠴᠦᠨ ᠯᠢᠶᠠᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠢ ᠲᠥᠯᠦᠭᠡᠯᠡᠵᠤ ᠦᠴᠦᠸᠠᠨ ᠰᠢᠶᠠᠨ ᠶᠠᠳᠠᠭᠤ ᠬᠦᠴᠢᠷᠳᠡᠯᠲᠠᠢ ᠰᠢᠶᠠᠨ ᠠᠴᠠ ᠤᠬᠤᠷᠢᠨ ᠭᠠᠷᠬᠤ  ᠬᠤᠯᠪᠤᠭᠳᠠᠯ ᠪᠥᠬᠦᠢ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃      ᠶᠦᠨ ᠢᠣᠢ ᠲᠢᠩ ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠤ ᠳᠠᠷᠠᠭ᠎ᠠ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠭᠦᠢᠴᠡᠳ ᠨᠣᠲᠠᠯᠠᠵᠤ᠂ ᠠᠩᠬᠠᠨ ᠤ ᠬᠢᠨᠠᠯᠲᠠ ᠶᠢᠨ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠬᠠᠷᠢᠭᠤᠴᠠᠬᠤ ᠣᠪᠤᠷ ᠢᠶᠠᠷ᠂ ᠬᠤᠯᠪᠤᠭᠳᠠᠯ ᠪᠥᠬᠦᠢ ᠶᠠᠪᠤᠴᠠ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠢᠨᠠᠨ ᠪᠠᠶᠢᠴᠠᠭᠠᠯᠲᠠ ᠦᠷᠨᠢᠭᠦᠯᠦᠨ᠂ ᠴᠠᠭ ᠬᠤᠭᠤᠴᠠᠭ᠎ᠠ ᠴᠢᠨᠠᠷ ᠴᠢᠨᠰᠠᠭ᠎ᠠ ᠶᠢ ᠳᠠᠭᠠᠬᠤ ᠶᠢ ᠪᠠᠷᠢᠮᠲᠠᠯᠠᠵᠤ᠂ ᠠᠩᠬᠠᠨ ᠤ ᠬᠢᠨᠠᠯᠲᠠ ᠶᠢᠨ ᠰᠢᠯᠭᠠᠨ ᠪᠠᠶᠢᠴᠠᠭᠠᠬᠤ ᠠᠵᠢᠯ ᠢ ᠦᠨᠡᠨᠬᠦ ᠰᠠᠶᠢᠨ ᠬᠢᠨ᠎ᠡ ᠭᠡᠵᠤ ᠢᠯᠡᠷᠬᠡᠶᠢᠯᠡᠪᠡ᠃       ᠶᠢᠨ ᠴᠦᠨ ᠯᠢᠶᠠᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠢ ᠲᠥᠯᠦᠭᠡᠯᠡᠵᠤ ᠣᠪᠤᠷ ᠢᠶᠠᠨ ᠢᠯᠡᠳᠬᠡᠵᠤ᠂ ᠦᠴᠦᠸᠠᠨ ᠰᠢᠶᠠᠨ ᠠᠴᠠ ᠲᠤᠰ ᠤᠳᠠᠭᠠᠨ ᠤ ᠬᠤᠲᠠ ᠶᠢᠨ ᠳᠡᠰ ᠤᠨ ᠠᠩᠬᠠᠨ ᠤ ᠬᠢᠨᠠᠯᠲᠠ ᠶᠢᠨ ᠠᠵᠢᠯ ᠢ ᠶᠡᠬᠡᠪᠡᠷ ᠴᠢᠬᠤᠯᠠᠴᠢᠯᠠᠨ ᠦᠵᠡᠵᠤ᠂ ᠠᠩᠬᠠᠨ ᠤ ᠬᠢᠨᠠᠯᠲᠠ ᠶᠢᠨ ᠠᠵᠢᠯ ᠳᠤ ᠬᠠᠮᠵᠢᠯᠴᠠᠬᠤ ᠶᠢᠨ ᠲᠤᠰᠠᠳᠠ᠂ ᠠᠵᠢᠯ ᠤᠨ ᠲᠥᠰᠦᠯ ᠲᠣᠭᠲᠠᠭᠠᠭᠰᠠᠨ ᠪᠥᠭᠡᠳ ᠣᠯᠠᠨ ᠤᠳᠠᠭ᠎ᠠ ᠬᠤᠷᠠᠯ ᠬᠤᠷᠠᠯᠳᠤᠭᠤᠯᠵᠤ ᠠᠵᠢᠯ ᠪᠠᠶᠢᠷᠢᠯᠠᠭᠤᠯᠪᠠ᠃ ᠳᠠᠷᠠᠭᠠᠴᠢ ᠪᠠᠷ ᠦᠴᠦᠸᠠᠨ ᠰᠢᠶᠠᠨ ᠬᠤᠲᠠ ᠶᠢᠨ ᠬᠦᠳᠡᠭᠡ ᠲᠤᠰᠬᠤᠨ ᠤ ᠠᠵᠢᠯ ᠤᠨ ᠵᠦᠪᠯᠡᠯ ᠤᠨ ᠶᠠᠳᠠᠭᠤ ᠬᠦᠴᠢᠷᠳᠡᠯᠲᠠᠢ ᠰᠢᠶᠠᠨ ᠠᠴᠠ ᠤᠬᠤᠷᠢᠨ ᠭᠠᠷᠬᠤ ᠠᠩᠬᠠᠨ ᠤ ᠬᠢᠨᠠᠯᠲᠠ ᠶᠢᠨ ᠲᠥᠰᠦᠯ ᠤᠨ ᠠᠭᠤᠯᠭ᠎ᠠ ᠶᠢ ᠨᠠᠷᠢᠨ ᠬᠢᠨᠠᠮᠠᠭᠠᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠪᠣᠯᠤᠨ᠎ᠠ᠂ ᠡᠯ᠎ᠡ ᠤᠳᠤᠷᠢᠳᠤᠯᠭ᠎ᠠ ᠨᠠᠷ ᠤᠨ ᠡᠷᠬᠢᠮ ᠨᠠᠨᠳᠢᠨ ᠰᠠᠨᠠᠯ ᠵᠦᠪᠯᠡᠯᠭᠡ ᠪᠠᠨ ᠬᠠᠷᠠᠮ ᠦᠭᠡᠢ ᠳᠤᠷᠠᠳᠴᠤ᠂ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠣᠮᠳᠠ ᠣᠷᠤᠰᠢᠵᠤ ᠪᠣᠢ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠢᠯᠡᠭᠦᠬᠡᠨ ᠵᠢᠭᠠᠵᠤ ᠥᠭᠬᠦ ᠶᠢ ᠬᠦᠰᠡᠵᠤ ᠪᠠᠶᠢᠨ᠎ᠠ᠂ ᠮᠠᠨ ᠤ ᠰᠢᠶᠠᠨ ᠨᠢᠭᠤᠨ ᠳᠠᠯᠳᠠᠯᠠᠬᠤ ᠦᠭᠡᠢ᠂ ᠵᠠᠶᠢᠯᠠᠬᠤ ᠦᠭᠡᠢ ᠪᠠᠷ ᠬᠦᠯᠢᠴᠡᠩᠭᠦᠢ ᠬᠠᠨᠳᠤᠵᠤ᠂ ᠳᠠᠷᠤᠢ ᠲᠦᠷᠭᠡᠨ ᠦᠭᠡᠷᠡᠴᠢᠯᠡᠵᠤ᠂ ᠬᠠᠷᠭᠤᠭᠤᠯᠤᠨ ᠬᠠᠰᠤᠵᠤ᠂ ᠭᠤᠭᠤᠵᠢᠭᠳᠠᠭᠰᠠᠨ ᠢ ᠪᠠᠶᠢᠴᠠᠭᠠᠵᠤ ᠳᠤᠲᠠᠭᠳᠠᠭᠰᠠᠨ ᠢ ᠨᠥᠬᠦᠪᠦᠷᠢᠯᠡᠨ᠂ ᠠᠩᠬᠠᠨ ᠤ ᠬᠢᠨᠠᠯᠲᠠ ᠳᠤ ᠳᠤᠰᠬᠠᠬᠭᠰᠠᠨ ᠰᠠᠨᠠᠯ ᠢ ᠴᠢᠨᠠᠷᠯᠢᠭ ᠵᠠᠰᠠᠨ ᠥᠭᠡᠷᠡᠴᠢᠯᠡᠵᠤ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠢᠯᠠᠯᠲᠠ ᠶᠢ ᠣᠯᠬᠤ ᠳᠤ ᠪᠠᠲᠤ ᠰᠠᠭᠤᠷᠢ ᠶᠢ ᠲᠠᠯᠪᠢᠨ᠎ᠠ ᠭᠡᠪᠡ᠃      ᠬᠤᠷᠠᠯ ᠠᠴᠠ ᠪᠠᠰᠠ《 ᠬᠤᠲᠠ ᠶᠢᠨ ᠳᠡᠰ ᠤᠨ ᠠᠩᠬᠠᠨ ᠤ ᠬᠢᠨᠠᠯᠲᠠ ᠶᠢᠨ ᠦᠴᠦᠸᠠᠨ ᠰᠢᠶᠠᠨ ᠳᠠᠬᠢ ᠠᠵᠢᠯ ᠤᠨ ᠬᠡᠷᠡᠭᠵᠢᠭᠦᠯᠬᠦ ᠲᠥᠰᠦᠯ》 ᠢ ᠵᠠᠷᠯᠠᠨ ᠤᠩᠰᠢᠭᠰᠠᠨ ᠪᠥᠭᠡᠳ ᠠᠬᠤᠢ ᠲᠠᠯᠠᠪᠠᠢ ᠳᠤ ᠨᠢ ᠲᠤᠬᠠᠢ ᠶᠢᠨ ᠭᠠᠵᠠᠷ ᠲᠤ ᠨᠢ ᠬᠦᠷᠴᠤ ᠰᠢᠯᠭᠠᠨ ᠪᠠᠶᠢᠴᠠᠭᠠᠬᠤ ᠲᠣᠰᠬᠤᠨ ᠢ ᠰᠤᠩᠭᠤᠪᠠ᠃      ᠡᠯ᠎ᠡ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠵᠠᠰᠠᠭ ᠤᠨ ᠣᠷᠳᠤᠨ ᠤ ᠠᠯᠪᠠᠨ ᠭᠡᠷ᠂ ᠶᠠᠳᠠᠭᠤ ᠶᠢ ᠲᠡᠳᠬᠦᠬᠦ ᠠᠯᠪᠠᠨ ᠭᠡᠷ᠂ ᠮᠥᠩᠭᠦᠨ ᠭᠦᠢᠯᠭᠡᠭᠡ ᠶᠢᠨ ᠠᠯᠪᠠᠨ ᠭᠡᠷ᠂ ᠣᠷᠤᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠲᠥᠯᠦᠪᠯᠡᠭᠡᠲᠤ ᠦᠷᠡᠵᠢᠯ ᠤᠨ ᠲᠣᠪᠴᠢᠶ᠎ᠠ᠂ ᠣᠢ ᠰᠢᠭᠤᠢ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠪᠠ ᠱᠠᠰᠢᠨ ᠰᠤᠷᠲᠠᠬᠤᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠥᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠥᠭᠡᠷᠡᠴᠢᠯᠡᠯᠲᠡ ᠬᠥᠭᠵᠢᠭᠦᠯᠦᠯᠲᠡ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号